ᠬᠠᠷᠠᠴᠢᠨ ᠬᠤᠰᠢᠭᠤ ᠮᠠ ᠠᠨ ᠱᠠᠨ ᠤ ᠰᠣᠶᠣᠯ ᠵᠢᠭᠤᠯᠴᠢᠯᠠᠯ ᠤᠨ ᠰᠤᠷᠭᠠᠨ ᠬᠥᠮᠦᠵᠢᠯ ᠤᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠤᠨ ᠦᠵᠡᠮᠵᠢ ᠶᠢᠨ ᠨᠣᠭᠤᠭᠠᠷᠠᠭᠤᠯᠤᠯᠲᠠ ᠶᠢᠨ ᠵᠢᠷᠤᠭ ᠲᠥᠯᠥᠪᠯᠡᠭᠡ ᠶᠢ ᠨᠤᠲᠠᠯᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/21
     8 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠬᠠᠷᠠᠴᠢᠨ ᠬᠤᠰᠢᠭᠤ ᠮᠠ ᠠᠨ ᠱᠠᠨ ᠤ ᠰᠣᠶᠣᠯ ᠵᠢᠭᠤᠯᠴᠢᠯᠠᠯ ᠤᠨ ᠰᠤᠷᠭᠠᠨ ᠬᠥᠮᠦᠵᠢᠯ ᠤᠨ ᠰᠤᠳᠤᠯᠭᠠᠨ ᠤ ᠰᠠᠭᠤᠷᠢᠨ ᠭᠠᠵᠠᠷ ᠤᠨ ᠦᠵᠡᠮᠵᠢ ᠶᠢᠨ ᠨᠣᠭᠤᠭᠠᠷᠠᠭᠤᠯᠤᠯᠲᠠ ᠶᠢᠨ ᠵᠢᠷᠤᠭ ᠲᠥᠯᠥᠪᠯᠡᠭᠡ ᠶᠢ ᠨᠤᠲᠠᠯᠠᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠹᠠᠩ ᠷᠦᠢ᠂ ᠮᠠ ᠵᠢᠩ ᠬᠤᠸᠠ᠂ ᠵᠠᠩ ᠬᠤᠸᠠ᠂ ᠱᠢ ᡁᠢ ᠯᠢᠶᠠᠩ᠂ ᠶᠠᠩ ᠸᠧᠨ ᠳ᠋ᠦᠩ ᠣᠷᠣᠯᠴᠠᠵᠠᠶ᠃ ᠾᠧᠨᠠᠨ ᠵᠡᠭᠡᠯᠢ ᠭᠤᠳᠤᠮᠵᠢ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠵᠡᠭᠡᠯᠢ ᠭᠤᠳᠤᠮᠵᠢ᠂ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃     ᠬᠤᠷᠠᠯ ᠳᠡᠭᠡᠷ᠎ᠡ᠂ ᠲᠥᠯᠥᠪᠵᠢᠭᠦᠯᠵᠦ ᠵᠢᠷᠤᠵᠤ ᠲᠥᠯᠥᠪᠯᠡᠬᠦ ᠨᠢᠭᠡᠴᠡ ᠠᠴᠠ ᠮᠠ ᠠᠨ ᠱᠠᠨ ᠤ ᠰᠣᠶᠣᠯ ᠵᠤᠭᠠᠴᠠᠯ ᠤᠨ ᠰᠤᠷᠭᠠᠨ ᠬᠥᠮᠦᠵᠢᠯ ᠤᠨ ᠰᠤᠳᠤᠯᠭᠠᠨ ᠤ ᠰᠠᠭᠤᠷᠢᠨ ᠭᠠᠵᠠᠷ ᠤᠨ ᠦᠵᠡᠮᠵᠢ ᠶᠢᠨ ᠨᠣᠭᠤᠭᠠᠷᠠᠭᠤᠯᠤᠯᠲᠠ ᠶᠢᠨ ᠵᠢᠷᠤᠭ ᠲᠥᠯᠥᠪᠯᠡᠭᠡ ᠶᠢᠨ ᠤᠢᠢᠯᠠᠭᠠᠭᠳᠠᠬᠤᠨ᠂ ᠴᠢᠳᠠᠪᠬᠢ ᠶᠢᠨ ᠪᠠᠶᠢᠷᠢᠰᠢᠭᠤᠯᠤᠯᠲᠠ ᠵᠢᠴᠢ ᠶᠡᠷᠦᠩᠬᠡᠢ ᠴᠣᠭᠴᠠ᠂ ᠲᠤᠰᠬᠠᠢ ᠲᠦᠷᠦᠯ ᠤᠨ ᠵᠢᠷᠤᠭ ᠲᠥᠯᠥᠪᠯᠡᠭᠡ ᠶᠢᠨ ᠪᠠᠶᠢᠳᠠᠯ ᠢ ᠨᠠᠷᠢᠨ ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠳ ᠲᠦᠷᠦᠯ ᠵᠦᠢᠯ ᠤᠨ ᠵᠢᠷᠤᠭ ᠲᠥᠯᠥᠪᠯᠡᠭᠡ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠤ ᠬᠠᠮᠲᠤ ᠪᠠᠷ ᠶᠠᠷᠢᠯᠴᠠᠪᠠ᠃     ᠹᠠᠩ ᠷᠦᠢ ᠵᠢᠭᠠᠵᠤ ᠭᠠᠷᠭᠠᠭᠰᠠᠨ ᠨᠢ᠂ ᠮᠠ ᠠᠨ ᠱᠠᠨ ᠤ ᠰᠣᠶᠣᠯ ᠵᠢᠭᠤᠯᠴᠢᠯᠠᠯ ᠤᠨ ᠰᠤᠷᠭᠠᠨ ᠬᠥᠮᠦᠵᠢᠯ ᠤᠨ ᠰᠤᠳᠤᠯᠭᠠᠨ ᠤ ᠰᠠᠭᠤᠷᠢᠨ ᠭᠠᠵᠠᠷ ᠤᠨ ᠦᠵᠡᠮᠵᠢ ᠶᠢᠨ ᠨᠣᠭᠤᠭᠠᠷᠠᠭᠤᠯᠤᠯᠲᠠ ᠶᠢᠨ ᠵᠢᠷᠤᠭ ᠲᠥᠯᠥᠪᠯᠡᠭᠡ ᠶᠢ ︽ᠪᠠᠷᠢᠯᠭ᠎ᠠ ᠶᠢᠨ ᠤᠷᠠᠯᠢᠭ ᠤᠨ ᠲᠣᠭᠤᠷᠢᠭ᠂ ᠴᠡᠴᠡᠷᠯᠢᠭ ᠤᠨ ᠦᠵᠡᠮᠵᠢ ᠶᠢᠨ ᠲᠣᠭᠤᠷᠢᠭ ᠪᠠ ᠠᠮᠢ ᠠᠬᠤᠶ ᠶᠢᠨ ᠦᠵᠡᠭᠦᠯᠦᠯᠭᠡ ᠶᠢᠨ ᠲᠣᠭᠤᠷᠢᠭ︾ ᠪᠠᠶᠢᠭᠤᠯᠬᠤ ᠣᠶᠢᠯᠠᠭᠠᠭᠳᠠᠬᠤᠨ ᠤ ᠲᠣᠭᠤᠷᠢᠨ ᠳᠤ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠥᠨᠳᠥᠷ ᠡᠬᠢᠯᠡᠯᠲᠡ ᠲᠠᠢ ᠪᠠᠷ ᠵᠢᠷᠤᠵᠤ ᠲᠥᠯᠥᠪᠯᠡᠵᠦ᠂ ᠬᠠᠮᠢᠶ᠎ᠠ ᠪᠥᠬᠦᠶ ᠣᠷᠣᠨ ᠪᠦᠰᠡ᠂ ᠦᠵᠡᠮᠵᠢ ᠶᠢᠨ ᠲᠥᠬᠦᠭᠡᠷᠦᠮᠵᠢ ᠶᠢᠨ ᠬᠡᠪ ᠨᠠᠮᠪᠠ ᠲᠠᠢ ᠪᠠᠶᠢᠯᠭᠠᠵᠤ᠂ ᠵᠣᠬᠢᠴᠠᠩᠭᠤᠶ ᠨᠢᠭᠡᠳᠦᠯᠲᠡᠶ ᠵᠣᠯᠭᠠᠭᠤᠯᠬᠤ ᠬᠡᠷᠡᠭᠲᠡᠶ︔ ᠨᠣᠭᠤᠭᠠᠷᠠᠭᠤᠯᠤᠯᠲᠠ ᠶᠢᠨ ᠮᠣᠳᠣᠨ ᠤ ᠲᠦᠷᠦᠯ ᠢ ᠨᠠᠷᠢᠨ ᠬᠢᠨᠠᠮᠠᠭᠠᠢ ᠰᠣᠩᠭᠤᠵᠤ᠂ ᠬᠡᠰᠡᠭ ᠪᠤᠰᠠᠭ ᠬᠡᠪᠴᠢᠶᠡᠵᠢᠭᠦᠯᠦᠨ ᠲᠠᠷᠢᠬᠤ ᠪᠠᠷ ᠬᠦᠳᠦᠯᠦᠨ ᠳᠠᠭᠠᠭᠤᠯᠵᠤ᠂ ᠳᠤᠮᠤ ᠮᠣᠳᠣᠨ ᠤ ᠲᠦᠷᠦᠯ᠂ ᠴᠡᠴᠡᠭ᠂ ᠪᠤᠳᠠ ᠮᠣᠳᠣ ᠶᠢ ᠪᠦᠬᠦᠯᠢ ᠴᠣᠭᠴᠠ ᠪᠠᠷ ᠨᠢ ᠲᠤᠬᠢᠷᠠᠭᠤᠯᠬᠤ ᠶᠢ ᠬᠠᠮᠲᠤ ᠳᠤᠨᠢ ᠬᠠᠷᠠᠭᠠᠯᠵᠠᠵᠤ᠂ ᠪᠦᠬᠦᠯᠢ ᠴᠣᠭᠴᠠ ᠶᠢᠨ ᠨᠣᠭᠤᠭᠠᠷᠠᠭᠤᠯᠤᠯᠲᠠ ᠶᠢᠨ ᠨᠤᠷᠮ᠎ᠠ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ︔ ᠪᠦᠬᠦᠯᠢ ᠴᠣᠭᠴᠠ ᠶᠢᠨ ᠴᠢᠳᠠᠮᠵᠢ ᠶᠢᠨ ᠪᠠᠶᠢᠷᠢᠰᠢᠭᠤᠯᠤᠯᠲᠠ ᠶᠢ ᠴᠢᠬᠤᠯᠠᠴᠢᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠰᠢᠨᠵᠢᠯᠡᠨ ᠪᠠᠶᠢᠴᠠᠭᠠᠬᠤ ᠴᠡᠭ ᠤᠨ ᠣᠷᠣᠨ ᠪᠦᠰᠡ ᠶᠢᠨ ᠬᠠᠮᠢᠶ᠎ᠠ ᠪᠦᠬᠦᠢ ᠲᠥᠬᠦᠭᠡᠷᠦᠮᠵᠢ ᠶᠢ ᠭᠦᠢᠴᠡᠳ ᠠᠰᠢᠭᠯᠠᠵᠤ᠂ ᠳᠠᠪᠲᠠᠯᠲᠠ ᠶᠢᠨ ᠴᠢᠨᠠᠷᠲᠠᠢ᠂ ᠲᠠᠩ ᠴᠤᠯᠭᠤᠢ ᠴᠢᠨᠠᠷᠲᠠᠢ ᠴᠢᠳᠠᠮᠵᠢ ᠶᠢᠨ ᠵᠢᠷᠤᠭ ᠲᠥᠯᠥᠪᠯᠡᠭᠡ ᠶᠢ ᠪᠠᠭᠠᠰᠬᠠᠵᠤ᠂ ᠰᠣᠶᠣᠯ ᠵᠤᠭᠠᠴᠠᠯ ᠤᠨ ᠰᠤᠷᠭᠠᠨ ᠬᠥᠮᠦᠵᠢᠯ ᠤᠨ ᠰᠤᠳᠤᠯᠤᠨ ᠰᠤᠷᠤᠯᠴᠠᠬᠤ ᠤᠳᠤᠷᠢᠳᠤᠮᠵᠢ ᠶᠢ ᠬᠦᠴᠦᠯᠡᠨ ᠲᠤᠪᠤᠶᠢᠯᠭᠠᠬᠤ ᠬᠡᠷᠡᠭᠲᠡᠢ︔ ᠳᠡᠪᠢᠰᠬᠦ ᠮᠠᠲ᠋ᠧᠷᠢᠶᠠᠯ ᠢ ᠨᠠᠷᠢᠨ ᠬᠢᠨᠠᠮᠠᠭᠠᠢ ᠰᠣᠩᠭᠤᠵᠤ᠂ ᠬᠡᠷᠡᠭᠯᠡᠭᠡᠨ ᠤ ᠪᠠ ᠪᠥᠬᠡᠯᠢᠭ ᠴᠢᠳᠠᠪᠬᠢ ᠶᠢᠨ ᠰᠢᠨᠵᠢ ᠴᠢᠨᠠᠷ ᠢ ᠬᠦᠴᠦᠯᠡᠨ ᠴᠢᠩᠭᠠᠳᠬᠠᠵᠤ ᠂ ᠵᠤᠬᠢᠰᠲᠠᠢ ᠲᠦᠯᠦᠪᠵᠢᠭᠦᠯᠬᠦ ᠬᠡᠷᠡᠭᠲᠡᠢ︔ ᠵᠢᠷᠤᠭ ᠲᠥᠯᠥᠪᠯᠡᠭᠡ ᠶᠢᠨ ᠳ᠋ᠧᠩ ᠤᠨ ᠬᠡᠷᠡᠯ ᠤᠨ ᠪᠠᠶᠢᠷᠢᠰᠢᠭᠤᠯᠤᠯᠲᠠ ᠶᠢ ᠨᠠᠷᠢᠯᠢᠬᠵᠢᠭᠤᠯᠵᠤ᠂ ᠥᠩᠭᠡ ᠪᠤᠳᠤᠭ ᠢ ᠵᠣᠬᠢᠴᠠᠭᠤᠯᠬᠤ ᠶᠢ ᠴᠢᠬᠤᠯᠠᠴᠢᠯᠠᠵᠤ᠂ ᠳ᠋ᠧᠩ ᠤᠨ ᠬᠡᠷᠡᠯ ᠤᠨ ᠵᠢᠷᠤᠭ ᠲᠥᠯᠥᠪᠯᠡᠭᠡ ᠶᠢ ᠰᠠᠭᠤᠷᠢᠨ ᠭᠠᠵᠠᠷ ᠤᠨ ᠪᠦᠬᠦᠯᠢ ᠴᠣᠭᠴᠠ ᠶᠢᠨ ᠬᠡᠪ ᠨᠠᠮᠪᠠ ᠲᠠᠢ ᠨᠠᠩ ᠵᠣᠬᠢᠴᠠᠩᠭᠤᠶ ᠪᠣᠯᠭᠠᠬᠤ ᠬᠡᠷᠡᠭᠲᠡᠶ︔ ᠰᠠᠭᠤᠷᠢᠨ ᠭᠠᠵᠠᠷ ᠤᠨ ᠳᠣᠲᠣᠷᠠᠬᠢ ᠡᠯ᠎ᠡ ᠣᠷᠣᠨ ᠪᠦᠰᠡ ᠶᠢᠨ ᠬᠤᠭᠤᠷᠣᠨᠳᠣᠬᠢ ᠵᠠᠮ ᠤᠨ ᠬᠤᠯᠪᠣᠯᠳᠤᠬᠤ ᠴᠢᠨᠠᠷ ᠢ ᠴᠢᠬᠤᠯᠠᠴᠢᠯᠠᠵᠤ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠤᠳᠤᠷᠢᠳᠤᠮᠵᠢ ᠶᠢ ᠬᠦᠴᠦᠯᠡᠨ ᠳᠣᠪᠤᠶᠢᠯᠭᠠᠵᠤ᠂ ᠵᠠᠮ ᠤᠨ ᠵᠢᠷᠤᠭ ᠲᠥᠯᠥᠪᠯᠡᠭᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠡᠯ᠎ᠡ ᠣᠷᠣᠨ ᠪᠦᠰᠡ ᠶᠢᠨ ᠪᠦᠷᠢᠯᠳᠦᠯ ᠢ ᠨᠢᠭᠡ ᠴᠤᠭᠴᠠᠵᠢᠭᠤᠯᠬᠤ᠂ ᠬᠤᠯᠪᠣᠯᠳᠤᠭᠤᠯᠤᠨ ᠨᠢᠭᠡᠳᠬᠡᠬᠦ ᠶᠢ ᠪᠠᠲᠤᠯᠠᠬᠤ ᠬᠡᠷᠡᠭᠲᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号