ᠬᠤᠰᠢᠭᠤᠨ ᠳᠠᠷᠤᠭ᠎ᠠ ᠵᠣᠣ ᠶᠠᠨ ᠬᠤᠩ ᠪᠦᠯᠬᠦᠮ ᠳᠠᠭᠠᠭᠤᠯᠤᠨ ᠱᠧᠨᠵᠧᠨ ᠬᠤᠲᠠ ᠶᠢᠨ ᠵᠥᠩ ᠵᠢᠶ ᠠᠨ ᠷᠦᠢ ᠺᠦ᠋ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠳᠤ ᠬᠦᠷᠴᠦ ᠰᠢᠨ᠎ᠡ ᠡᠨᠧᠷᠭᠢ ᠶᠢᠨ ᠲᠥᠷᠥᠯ ᠵᠦᠢᠯ ᠤᠨ ᠲᠤᠬᠠᠶ ᠬᠤᠳᠠᠯᠳᠤᠭᠠᠴᠢᠨ ᠤᠷᠢᠬᠤ ᠬᠡᠯᠡᠯᠴᠡᠭᠡᠷ ᠥᠷᠨᠢᠭᠦᠯᠪᠡ
ᠨᠡᠶᠢᠲᠡᠯᠡᠭᠰᠡᠨ ᠴᠠᠭ᠄
2023/8/21
     8 ᠰᠠᠷ᠎ᠠ ᠶᠢᠨ 19 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠤ ᠶᠠᠨ ᠬᠤᠩ ᠪᠦᠯᠬᠦᠮ ᠳᠠᠭᠠᠭᠤᠯᠤᠨ ᠱᠧᠨᠵᠧᠨ ᠬᠤᠲᠠ ᠶᠢᠨ ᠵᠦᠩ ᠵᠢᠶ ᠠᠨ ᠷᠦᠢ ᠺᠦ᠋ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠳᠤ ᠬᠦᠷᠴᠦ ᠬᠤᠳᠠᠯᠳᠤᠭᠠᠴᠢᠨ ᠤᠷᠢᠵᠤ ᠵᠥᠪᠳᠡᠯᠴᠡᠬᠦ ᠠᠵᠢᠯ ᠥᠷᠨᠢᠭᠦᠯᠪᠡ᠃ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠴᠢᠦ ᠶᠧ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠢ ᠰᠢᠤ ᠴᠢᠤᠸᠠᠨ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠰᠢᠨᠵᠢᠯᠡᠨ ᠪᠠᠶᠢᠴᠠᠭᠠᠵᠤ ᠵᠥᠪᠳᠡᠯᠴᠡᠬᠦ ᠳᠤ ᠣᠷᠣᠯᠴᠠᠵᠠᠶ᠃     ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠶᠢ ᠨᠠᠷᠢᠨ ᠣᠶᠢᠯᠠᠭᠠᠬᠤ ᠶᠢᠨ ᠬᠠᠮᠲᠤ 25 ᠲᠦᠮᠡᠨ ᠲᠣᠨ ᠤ ᠪᠣᠬᠢᠷᠲᠤᠯ ᠦᠭᠡᠢ ᠮᠧᠲ᠋ᠢᠯ ᠠᠯᠺᠣᠣᠯ ᠪᠣᠯᠤᠨ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢᠨ ᠲᠦᠷᠦᠯ ᠵᠦᠢᠯ ᠤᠨ ᠲᠤᠬᠠᠢ ᠭᠦᠨᠵᠡᠭᠡᠢ ᠵᠣᠯᠭᠠᠭᠤᠯᠤᠨ ᠵᠥᠪᠳᠡᠯᠴᠡᠵᠦ᠂ ᠪᠣᠳᠠᠲᠠᠢ ᠬᠠᠮᠲᠤᠷᠠᠯᠴᠠᠭᠠᠨ ᠤ ᠰᠠᠨᠠᠮᠵᠢ ᠲᠠᠢ ᠪᠣᠯᠵᠠᠢ᠃     ᠬᠤᠶᠠᠷ ᠲᠠᠯ᠎ᠠ ᠪᠠᠷ ᠢᠶᠠᠨ ᠢᠯᠡᠷᠬᠡᠶᠢᠯᠡᠬᠦ ᠳᠡᠭᠡᠨ᠂ ᠬᠠᠷᠠᠴᠢᠨ ᠬᠤᠰᠢᠭᠤᠨ ᠤ ᠣᠷᠣᠨ ᠪᠠᠶᠢᠷᠢ ᠶᠢᠨ ᠵᠠᠮ ᠬᠠᠷᠢᠯᠴᠠᠭ᠎ᠠ ᠲᠥᠬᠦᠮ᠂ ᠡᠯ᠎ᠡ ᠲᠥᠷᠥᠯ ᠤᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠲᠥᠷᠥᠯ ᠵᠦᠢᠯ ᠤᠨ ᠭᠠᠵᠠᠷ ᠰᠣᠩᠭᠤᠬᠤ᠂ ᠪᠥᠲᠥᠭᠡᠨ ᠪᠠᠶᠢᠭᠤᠯᠬᠤ ᠠᠭᠤᠯᠭ᠎ᠠ᠂ ᠨᠠᠶᠢᠳᠠᠪᠤᠷᠢᠵᠢᠭᠤᠯᠬᠤ ᠨᠥᠬᠦᠴᠡᠯ ᠵᠡᠷᠭᠡ ᠲᠠᠯ᠎ᠠ ᠪᠠᠷ ᠠᠵᠤ ᠠᠬᠤᠶᠢᠯᠠᠯ ᠤᠨ ᠲᠥᠯᠥᠪᠵᠢᠭᠦᠯᠭᠡ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ᠂ ᠬᠠᠮᠲᠤᠷᠠᠯᠴᠠᠭᠠᠨ ᠤ ᠳᠠᠯᠳᠠ ᠬᠦᠴᠦᠨ ᠯᠤᠲᠤ ᠶᠡᠭᠡ ᠪᠠᠶᠢᠨ᠎ᠠ᠂ ᠲᠠᠷᠠᠭᠠᠴᠢ ᠶᠢᠨ ᠠᠯᠬᠤᠮ ᠳᠤ ᠵᠥᠪᠳᠡᠯᠴᠡᠬᠦ ᠵᠦᠢᠯᠡᠰ ᠢ ᠳᠠᠭᠠᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠨᠡᠮᠡᠭᠳᠡᠯ ᠤᠨ ᠲᠠᠰ ᠢ ᠪᠣᠶ ᠪᠣᠯᠭᠠᠨ᠎ᠠ ᠭᠡᠵᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号