ᠮᠠᠶᠢᠷᠠᠨ ᠪᠠᠯᠭᠠᠰᠣ ᠠᠩᠬᠠᠳᠤᠭᠠᠷ ᠬᠤᠭᠤᠴᠠᠭᠠᠨ ᠤ ︽ᠲᠣᠰᠬᠤᠨ ᠤ BA︾ ᠰᠠᠭᠰᠤᠨ ᠪᠥᠮᠪᠦᠭᠡ ᠶᠢᠨ ᠤᠷᠤᠯᠳᠤᠭᠠᠨ ᠦᠷᠨᠢᠭᠦᠯᠪᠡ
ᠨᠡᠶᠢᠲᠡᠯᠡᠭᠰᠡᠨ ᠴᠠᠭ᠄
2023/8/3
     ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ 2023 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲᠸᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠤᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠬᠡᠨ ᠪᠠᠶᠢᠭᠤᠯᠤᠯᠲᠠ ᠵᠢᠴᠢ ᠲᠠᠷᠢᠶᠠᠴᠢᠨ ᠤ ᠪᠡᠶ᠎ᠡ ᠶᠢᠨ ᠲᠠᠮᠢᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂  ᠮᠡᠢᠷᠡᠨ ᠪᠠᠯᠭᠠᠰᠤ ᠶᠢᠨ ᠠᠷᠠᠳ ᠲᠦᠮᠡᠨ ᠤ ᠢᠳᠡᠪᠬᠢᠲᠡᠢ ᠡᠷᠡᠭᠦᠯ ᠴᠢᠭᠢᠷᠠᠭ ᠪᠦᠯᠬᠦᠮᠳᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠪᠦᠬᠦ ᠲᠠᠯ᠎ᠠ ᠪᠠᠷ ᠢᠯᠡᠷᠡᠭᠦᠯᠬᠦ ᠶᠢᠨ ᠲᠥᠯᠥᠭᠡ᠂ ᠤᠢᠢᠷ᠎ᠠ ᠶᠢᠨ ᠬᠤᠭᠤᠴᠠᠭᠠᠨ ᠳᠤ᠂ ᠮᠡᠢᠷᠡᠨ ᠪᠠᠯᠭᠠᠰᠤ ᠶᠢᠨ ᠬᠢᠨ ︽ᠤᠷᠤᠭᠰᠢᠯᠠᠨ ᠲᠠᠪᠰᠢᠬᠤ ᠬᠦᠴᠦᠨ ᠢ ᠨᠢᠭᠲᠠᠷᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ 2023 ᠣᠨ ᠤ ︽ᠲᠣᠰᠬᠤᠨ ᠤ BA︾ ᠰᠠᠭᠰᠤᠨ ᠪᠥᠮᠪᠦᠭᠡ ᠶᠢᠨ ᠤᠷᠤᠯᠳᠤᠭᠠᠨ ᠢ ᠶᠠᠪᠤᠭᠳᠠᠭᠤᠯᠵᠠᠢ᠃     ᠮᠡᠢᠷᠡᠨ ᠪᠠᠯᠭᠠᠰᠤᠨ ᠤ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠶ ᠪᠠᠶᠢᠵᠤ᠂ ᠣᠯᠠᠨ ᠲᠦᠮᠡᠨᠴᠢ ᠪᠡᠶ᠎ᠡ ᠶᠢᠨ ᠲᠠᠮᠢᠷ᠂ ᠬᠡᠷ ᠤᠨ ᠭᠠᠳᠠᠨᠠᠬᠢ ᠪᠡᠶ᠎ᠡ ᠶᠢᠨ ᠲᠠᠮᠢᠷ ᠢ ᠬᠥᠭᠵᠢᠭᠦᠯᠬᠦ ᠰᠠᠶᠢᠨ ᠰᠠᠭᠤᠷᠢ ᠪᠠ ᠪᠠᠶᠢᠭᠠᠯᠢ ᠶᠢᠨ ᠳᠠᠪᠠᠭᠤᠯᠢᠭ ᠢ ᠪᠦᠷᠢᠯᠳᠦᠭᠦᠯᠦᠭᠰᠡᠨ ᠪᠠᠶᠢᠨ᠎ᠠ᠃ ᠣᠶᠢᠷ᠎ᠠ ᠶᠢᠨ ᠵᠢᠯ ᠳᠤ᠂ ᠮᠡᠢᠷᠡᠨ ᠪᠠᠯᠭᠠᠰᠤ ᠣᠯᠠᠨ ᠲᠦᠮᠡᠨ ᠤ ᠪᠡᠶ᠎ᠡ ᠶᠢᠨ ᠲᠠᠮᠢᠷ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠠᠳ ᠤᠨ ᠠᠮᠢᠳᠤᠷᠠᠯ ᠤᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠲᠣᠰᠬᠤᠨ ᠤ ᠠᠷᠠᠳ ᠤᠨ ᠰᠣᠶᠣᠯ ᠤᠨ ᠠᠭᠤᠳᠠᠮ ᠲᠠᠯᠠᠪᠠᠶ᠂ ᠪᠡᠶ᠎ᠡ ᠴᠢᠭᠢᠷᠠᠭᠵᠢᠭᠤᠯᠬᠤ ᠵᠠᠮ ᠵᠡᠷᠭᠡ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ᠂ ᠠᠷᠠᠳ ᠲᠤ ᠲᠥᠬᠦᠮ ᠦᠵᠡᠭᠦᠯᠬᠦ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠰᠢᠰᠲ᠋ᠧᠮᠵᠢ ᠶᠢ ᠴᠢᠷᠮᠠᠶᠢᠨ ᠪᠠᠶᠢᠭᠤᠯᠵᠤ᠂ ᠰᠢᠷᠢᠰ ᠤᠷᠤᠯᠳᠤᠭᠠᠨ ᠤ ᠠᠵᠢᠯᠯᠠᠭ᠎ᠠ ᠶᠢ ᠡᠷᠭᠢᠯᠡᠨ᠂ ᠪᠥᠬᠦ ᠪᠠᠯᠭᠠᠰᠤ ᠪᠠᠷ ᠢᠶᠠᠨ ᠪᠣᠯᠪᠠᠰᠤᠷᠠᠯ ᠳᠤ ᠣᠷᠣᠯᠴᠠᠭᠰᠠᠨ ︽ᠪᠡᠶ᠎ᠡ ᠶᠢᠨ ᠲᠠᠮᠢᠷ ᠤᠨ ᠬᠥᠮᠦᠨ ᠠᠮᠠ︾ ᠶᠢ ᠦᠷᠭᠦᠯᠵᠢᠯᠡᠨ ᠨᠡᠮᠡᠭᠳᠡᠭᠦᠯᠵᠦ᠂ ᠠᠷᠠᠳ ᠣᠯᠠᠨ ᠤ ᠪᠡᠶ᠎ᠡ ᠮᠠᠬᠠᠪᠣᠳ ᠤᠨ ᠬᠡᠪ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠷᠠᠳ ᠣᠯᠠᠨ ᠤ ᠪᠡᠶ᠎ᠡ ᠶᠢᠨ ᠲᠠᠮᠢᠷ ᠤᠨ ᠦᠢᠯᠡᠰ ᠢ ᠲᠦᠷᠭᠡᠨ ᠬᠥᠭᠵᠢᠭᠦᠯᠦᠨ᠎ᠡ᠃    ᠮᠡᠢᠷᠡᠨ ᠪᠠᠯᠭᠠᠰᠤ ᠠᠩᠬᠠᠳᠤᠭᠠᠷ ᠬᠤᠭᠤᠴᠠᠭᠠᠨ ᠤ ︽ᠲᠣᠰᠬᠤᠨ ᠤ BA︾ ᠶᠢᠨ ᠤᠷᠤᠯᠳᠤᠭᠠᠨ ᠢ ᠡᠷᠭᠢᠯᠡᠵᠦ᠂ ᠮᠠᠶᠢᠷᠠᠨ ᠪᠠᠯᠭᠠᠰᠤ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ ᠃ ᠤᠷᠤᠯᠳᠤᠭᠠᠨ ᠢᠶᠠᠷ ᠠᠵᠢᠯᠯᠠᠭ᠎ᠠ ᠪᠠᠨ ᠠᠬᠢᠭᠤᠯᠬᠤ᠂ ᠰᠣᠯᠢᠯᠴᠠᠭ᠎ᠠ ᠪᠠᠨ ᠨᠡᠮᠡᠭᠳᠡᠭᠦᠯᠬᠦ᠂ ᠳᠦᠷᠰᠦ ᠪᠠᠶᠢᠳᠠᠯ ᠢᠶᠠᠨ ᠢᠯᠡᠷᠡᠭᠦᠯᠬᠦ ᠰᠠᠶᠢᠨ ᠲᠣᠬᠢᠶᠠᠯ ᠮᠥᠨ᠂ ᠰᠢᠨ᠎ᠡ ᠴᠠᠭ ᠦᠶ᠎ᠡ ᠶᠢᠨ ᠮᠠᠶᠢᠷᠠᠨ ᠣᠯᠠᠨ ᠲᠦᠮᠡᠨ ᠤ ᠡᠷᠡᠯᠬᠡᠭᠯᠡᠨ ᠲᠡᠮᠡᠴᠡᠬᠦ ᠴᠤᠭ ᠰᠦᠯᠳᠡ᠂ ᠮᠠᠶᠢᠷᠠᠨ ᠬᠥᠳᠡᠭᠡ ᠲᠣᠰᠬᠤᠨ ᠤ ᠡᠷᠡᠭᠦᠯ ᠥᠭᠡᠳᠡᠷᠬᠡᠭ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠠᠯᠠᠭᠤᠨ ᠥᠷᠨᠢᠯᠲᠡ ᠶᠢ ᠴᠢᠨᠠᠭᠰᠢᠳᠠ ᠬᠥᠭᠵᠢᠭᠡᠵᠦ᠂ ᠴᠤᠭ ᠪᠠᠳᠠᠷᠠᠩᠭᠤᠢ ᠥᠭᠡᠳᠡᠯᠡᠨ ᠲᠠᠪᠰᠢᠬᠤ᠂ ᠪᠦᠯᠬᠦᠮᠳᠡᠨ ᠲᠡᠮᠡᠴᠡᠬᠦ᠂ ᠡᠷᠡᠯᠬᠡᠭᠯᠡᠨ ᠲᠡᠮᠡᠴᠡᠬᠦ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠤᠷᠤᠯᠳᠤᠭᠠᠨ ᠤ ᠲᠠᠯᠠᠪᠤᠷ ᠲᠤ ᠠᠪᠴᠢᠷᠠᠬᠤ ᠶᠢᠨ ᠬᠠᠮᠲᠤ ᠪᠦᠬᠦ ᠪᠠᠯᠭᠠᠰᠤ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠳᠤ ᠠᠭᠤᠰᠬᠠᠵᠤ᠂ ᠪᠦᠬᠦ ᠪᠠᠯᠭᠠᠰᠤ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠶᠢᠷᠡᠭᠦᠯᠦᠨ ᠠᠬᠢᠭᠤᠯᠬᠤ ᠳᠤ ᠨᠡᠩ ᠢᠳᠡ ᠬᠦᠴᠦᠲᠡᠢ ᠡᠬᠢ ᠡᠭᠦᠰᠦᠯ ᠤᠨ ᠬᠥᠳᠡᠯᠭᠡᠬᠦ ᠬᠦᠴᠦᠨ᠂ ᠲᠥᠪᠯᠡᠩᠭᠦᠢ ᠬᠦᠴᠦᠨ ᠢ ᠨᠡᠮᠡᠷᠢᠯᠡᠶ᠎ᠡ︕ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号