ᠬᠤᠰᠢᠭᠤᠨ ᠳᠠᠷᠤᠭ᠎ᠠ ᠵᠣᠣ ᠶᠠᠨ ᠬᠤᠩ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠲᠥᠯᠥᠪᠵᠢᠭᠦᠯᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/3
     8 ᠰᠠᠷ᠎ᠠ ᠶᠢᠨ 2 ᠤᠨ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠢ ᠲᠥᠯᠥᠪᠵᠢᠭᠦᠯᠦᠨ ᠪᠥᠲᠥᠭᠡᠨ ᠪᠠᠶᠢᠭᠤᠯᠬᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ 2023 ᠣᠨ ᠤ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ 2024 ᠣᠨ ᠤ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠢ ᠲᠥᠯᠥᠪᠵᠢᠭᠦᠯᠦᠨ ᠳᠣᠭᠢᠷᠠᠭᠤᠯᠪᠠ᠃ ᠬᠤᠰᠢᠭᠤᠨ ᠤ ᠤᠳᠤᠷᠢᠳᠤᠯᠭ᠎ᠠ ᠮᠠ ᠶᠦᠩ ᠭᠠᠩ᠂ ᠱᠢ ᡁᠢ ᠯᠢᠶᠠᠩ᠂ ᠸᠠᠩ ᠯᠢ ᠭᠦᠸᠧ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃     ᠵᠣᠣ ᠶᠠᠨ ᠬᠤᠩ ᠵᠢᠭᠠᠵᠤ ᠭᠠᠷᠭᠠᠭᠰᠠᠨ ᠨᠢ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠣᠯ ᠪᠦᠲᠦᠮᠵᠢᠲᠡᠶ ᠪᠠᠯᠠ ᠣᠷᠣᠭᠤᠯᠤᠯᠲᠠ ᠶᠢ ᠥᠷᠭᠡᠳᠬᠡᠬᠦ᠂ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠬᠤ ᠶᠢᠨ ᠴᠢᠬᠤᠯᠠ ᠭᠠᠷᠳᠠᠴᠠ ᠮᠥᠨ᠂ ᠲᠥᠷᠥᠯ ᠵᠦᠢᠯ ᠢ ᠰᠦᠪᠡᠭᠴᠢᠯᠡᠬᠦ ᠪᠣᠯ ᠳᠠᠷᠤᠶ ᠢᠷᠡᠭᠡᠳᠦᠶ ᠶᠢ ᠪᠣᠳᠣᠯᠬᠢᠯᠠᠬᠤ ᠶᠠᠪᠤᠳᠠᠯ ᠮᠥᠨ᠂ ᠲᠥᠷᠥᠯ ᠵᠦᠢᠯ ᠢ ᠠᠳᠬᠤᠬᠤ ᠪᠣᠯ ᠳᠠᠷᠤᠶ ᠬᠥᠭᠵᠢᠯᠲᠡ ᠶᠢ ᠠᠳᠬᠤᠬᠤ ᠶᠠᠪᠤᠳᠠᠯ ᠮᠥᠨ᠂ ᠡᠷᠬᠡᠪᠰᠢ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠢᠮᠠᠭᠲᠠ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠠᠨ ᠪᠣᠯᠭᠠᠬᠤ ᠬᠡᠷᠡᠭᠲᠡᠶ ᠭᠡᠵᠠᠢ᠃     ᠵᠣᠣ ᠶᠠᠨ ᠬᠤᠩ ᠴᠢᠬᠤᠯᠠᠴᠢᠯᠠᠬᠤ ᠳᠠᠭᠠᠨ᠂ ᠲᠥᠷᠥᠯ ᠵᠦᠢᠯ  ᠢᠶᠠᠷ ᠭᠤᠤᠯ ᠪᠣᠯᠭᠠᠬᠤ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠲᠥᠷᠥᠯ ᠵᠦᠢᠯ ᠢ ᠲᠥᠯᠥᠪᠵᠢᠭᠦᠯᠬᠦ ᠪᠠ ᠪᠠᠯᠠ ᠮᠥᠩᠭᠦ ᠲᠡᠮᠡᠴᠡᠨ ᠤᠯᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠦᠨᠡᠨ ᠬᠦ ᠴᠢᠩᠭᠠᠳᠬᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠶ᠃ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠨ᠂ ᠦᠢᠯᠡᠴᠢᠯᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠵᠣᠬᠢᠴᠠᠯᠳᠤᠨ ᠬᠠᠮᠲᠤᠷᠠᠯᠴᠠᠬᠤ ᠶᠢ ᠴᠢᠩᠭᠠᠳᠬᠠᠨ᠂ ᠲᠥᠷᠥᠯ ᠵᠦᠢᠯ ᠢ ᠡᠷᠲᠡ ᠪᠠᠶᠢᠭᠤᠯᠬᠤ᠂ ᠡᠷᠲᠡ ᠦᠢᠯᠡᠳᠪᠦᠷᠢᠯᠡᠯ ᠳᠤ ᠬᠦᠷᠭᠡᠬᠦ᠂ ᠡᠷᠲᠡ ᠦᠷ᠎ᠡ ᠪᠦᠲᠦᠮᠵᠢ ᠳᠤ ᠬᠦᠷᠭᠡᠬᠦ ᠶᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠳᠥᠯᠭᠢᠨ ᠠᠬᠢᠭᠤᠯᠬᠤ ᠬᠡᠷᠡᠭᠲᠡᠶ᠃ ︽ᠤᠷᠢᠳᠴᠢᠯᠠᠨ ᠲᠥᠯᠥᠪᠯᠡᠬᠦ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠪᠦᠬᠦ ᠲᠠᠯ᠎ᠠ ᠶᠢᠨ ᠰᠡᠳᠬᠢᠬᠦᠢ ᠪᠠ ᠪᠦᠬᠦᠯᠢ ᠴᠣᠭᠴᠠ ᠶᠢᠨ ᠬᠠᠷᠠᠭᠠᠰᠤ ᠪᠠᠷ 2024 ᠣᠨ ᠤ ᠭᠤᠣᠯᠳᠠᠯᠭ᠎ᠠ ᠲᠠᠢ ᠲᠦᠷᠦᠯ ᠵᠦᠢᠯ ᠢ ᠲᠥᠯᠥᠪᠯᠡᠬᠦ ᠶᠢ ᠪᠠᠷᠢᠮᠲᠠᠯᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ ᠭᠡᠵᠠᠢ᠃     ᠵᠣᠣ ᠶᠠᠨ ᠬᠤᠩ ᠱᠠᠭᠠᠷᠳᠠᠭᠰᠠᠨ ᠨᠢ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠤᠯᠤᠰ ᠤᠨ ᠬᠤᠷᠸ᠎ᠠ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠴᠢᠬᠤᠯᠠ ᠶᠡᠭᠡ ᠲᠥᠷᠥ ᠶᠢᠨ ᠪᠣᠳᠣᠯᠭ᠎ᠠ ᠵᠢᠴᠢ ᠪᠠᠯᠠ ᠣᠷᠣᠭᠤᠯᠤᠯᠲᠠ ᠶᠢᠨ ᠤᠳᠤᠷᠢᠳᠤᠮᠵᠢ ᠶᠢ ᠬᠠᠷᠠᠭᠠᠯᠠᠨ᠂ ᠭᠤᠤᠯᠳᠠᠯᠭ᠎ᠠ ᠲᠠᠢ ᠪᠠᠯᠠ ᠣᠷᠣᠭᠤᠯᠤᠯᠲᠠ ᠶᠢᠨ ᠴᠢᠭᠯᠡᠯ ᠢ ᠴᠢᠩᠭ᠎ᠠ ᠠᠩᠬᠠᠷᠴᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ᠂ ᠪᠠᠯᠠ ᠮᠥᠩᠭᠦ ᠶᠢ ᠢᠳᠡᠪᠬᠢᠲᠡᠶ ᠲᠡᠮᠡᠴᠡᠨ ᠣᠯᠵᠤ᠂ ᠭᠤᠤᠯᠳᠠᠯᠭ᠎ᠠ ᠲᠠᠢ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠃ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠬᠦᠴᠦ ᠣᠷᠣᠭᠤᠯᠵᠤ᠂ ᠨᠢᠭᠡ ᠪᠦᠯᠦᠭ ᠶᠠᠰᠤ ᠴᠢᠨᠠᠷ ᠢᠶᠠᠷ ᠰᠠᠶᠢᠨ᠂ ᠠᠯᠤᠰ ᠢᠷᠡᠭᠡᠳᠦᠢ ᠪᠠᠷ ᠰᠠᠶᠢᠨ ᠲᠦᠷᠦᠯ ᠵᠦᠢᠯ ᠢ ᠱᠠᠯᠠᠪᠳᠠᠨ ᠲᠥᠯᠥᠪᠵᠢᠭᠦᠯᠵᠦ᠂ ᠬᠥᠭᠵᠢᠯᠲᠡ ᠶᠢ ᠲᠦᠷᠭᠡᠳᠬᠡᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠃ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠶᠢ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ᠨᠠᠷᠢᠨ ᠲᠠᠩᠰᠠᠴᠢᠯᠠᠭᠰᠠᠨ ᠬᠠᠮᠢᠶᠠᠷᠤᠯᠲᠠ᠂ ᠢᠨᠵᠧᠨᠧᠷᠢᠩᠵᠢᠭᠦᠯᠦᠨ ᠠᠬᠢᠭᠤᠯᠬᠤ ᠶᠢ ᠬᠡᠷᠡᠭᠵᠢᠭᠦᠯᠵᠦ ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠶᠠᠪᠤᠴᠠ ᠳᠠᠬᠢ ᠲᠦᠭᠵᠢᠮᠡᠯ ᠴᠡᠭ᠂ ᠬᠦᠴᠢᠷ ᠠᠰᠠᠭᠤᠳᠠᠯ ᠪᠠ ᠡᠪᠡᠷᠰᠢᠶᠡᠯ ᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠦᠷᠦᠯ ᠵᠦᠢᠯ ᠢ ᠬᠥᠮᠥᠷᠭᠡ ᠳᠤ ᠣᠷᠣᠭᠤᠯᠵᠤ ᠨᠢᠭᠡᠳᠦᠯᠲᠡᠢ ᠲᠥᠯᠥᠪᠵᠢᠭᠦᠯᠬᠦ ᠠᠵᠢᠯ ᠢ ᠠᠷᠭ᠎ᠠ ᠪᠦᠬᠦᠨ ᠢ ᠰᠦᠪᠡᠭᠴᠢᠯᠡᠨ ᠰᠠᠶᠢᠲᠤᠷ ᠬᠢᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠬᠢᠭᠤᠯᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠳᠡᠭᠡᠷ᠎ᠡ᠂ ᠮᠠ ᠶᠦᠩ ᠭᠠᠩ᠂ ᠱᠢ ᡁᠢ ᠯᠢᠶᠠᠩ᠂ ᠸᠠᠩ ᠯᠢ ᠭᠦᠸᠧ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠭᠤᠣᠯᠳᠠᠯᠭ᠎ᠠ ᠲᠠᠢ ᠲᠦᠷᠦᠯ ᠵᠦᠢᠯ ᠢ ᠲᠥᠯᠥᠪᠵᠢᠭᠦᠯᠬᠦ ᠪᠠ ᠪᠦᠳᠦᠬᠡᠨ ᠪᠠᠶᠢᠭᠤᠯᠬᠤ ᠲᠤᠬᠠᠢ ᠭᠦᠨᠵᠡᠭᠡᠢ ᠵᠠᠳᠠᠯᠤᠯᠲᠠ ᠬᠢᠵᠦ᠂ ᠡᠯ᠎ᠡ ᠲᠦᠷᠦᠯ ᠵᠦᠢᠯ ᠤᠨ ᠭᠤᠣᠯᠯᠠᠨ ᠬᠠᠮᠢᠶᠠᠷᠬᠤ ᠨᠢᠭᠡᠴᠡ ᠪᠣᠯᠤᠨ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠢᠨ ᠰᠠᠨᠠᠯ ᠢᠶᠠᠨ ᠢᠯᠡᠳᠬᠡᠪᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号