8 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠬᠢᠲᠠᠳ ᠡᠮ ᠤᠨ | ᠨᠡᠶᠢᠭᠡᠮᠯᠢᠭ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠠᠴᠢᠨ ᠬᠤᠰᠢᠭᠤᠨ ᠤ ᠬᠤᠷᠢᠶ᠎ᠠ᠂ ᠬᠠᠷᠠᠴᠢᠨ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠡᠷᠭᠢᠯᠡᠭᠰᠡᠨ ᠪᠥᠬᠦ ᠤᠯᠤᠰ ᠤᠨ ᠭᠤᠷᠪᠠᠳᠤᠭᠠᠷ | ᠬᠤᠭᠤᠴᠠᠭᠠᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠨᠢᠤ ᠵᠢᠶᠠ ᠢᠩᠽᠢ ᠪᠠᠯᠭᠠᠰᠤᠨ ᠳᠤ | ᠬᠤᠷᠠᠯᠳᠤᠪᠠ᠃ | ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶᠠᠨ ᠤ ᠤᠤᠯ ᠤᠨ ᠳᠡᠳ᠋ ᠳᠠᠷᠤᠭ᠎ᠠ᠂ | ᠳᠤᠮᠳᠠᠳᠤ ᠤᠯᠤᠰ ᠤᠨ ᠬᠢᠲᠠᠳ ᠡᠮ ᠤᠨ ᠨᠡᠶᠢᠭᠡᠮᠯᠢᠭ ᠤᠨ ᠲᠤᠰᠬᠠᠶ ᠮᠡᠷᠭᠡᠵᠢᠯᠲᠡᠨ ᠤ ᠵᠥᠪᠯᠡᠯ ᠤᠨ ᠡᠷᠬᠢᠯᠡᠭᠴᠢ ᠹᠠᠩ | ᠱᠦ᠋ ᠲᠢᠩ᠂ ᠳᠤᠮᠳᠠᠳᠤ ᠤᠯᠤᠰ ᠤᠨ ᠬᠢᠲᠠᠳ ᠡᠮ ᠤᠨ ᠨᠡᠶᠢᠭᠡᠮᠯᠢᠭ ᠤᠨ ᠭᠦᠢᠴᠡᠳᠬᠡᠬᠦ ᠳᠡᠳ᠋ ᠳᠠᠷᠤᠭ᠎ᠠ ᠯᠢᠦ | ᠵᠠᠩ ᠯᠢᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠡᠶᠢᠭᠡᠮ | ᠪᠠ ᠬᠠᠤᠯᠢ ᠳᠦᠷᠢᠮ ᠤᠨ ᠵᠥᠪᠯᠡᠯ ᠤᠨ ᠡᠷᠬᠢᠯᠡᠭᠴᠢ ᠸᠠᠩ ᠷᠦᠢ ᠹᠧᠩ᠂ ᠬᠤᠲᠠ ᠶᠢᠨ ᠨᠠᠮ ᠤᠨ ᠬᠤᠷᠢᠶᠠᠨ ᠤ | ᠱᠦᠵᠢ ᠸᠠᠨ ᠴᠤᠤ ᠴᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ | ᠬᠡᠯᠲᠡᠰ ᠤᠨ ᠳᠠᠷᠤᠭ᠎ᠠ ᠮᠦᠩᠬᠡᠪᠠᠭᠠᠲᠤᠷ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ | ᠲᠢᠶᠠᠨ ᠴᠧᠨ ᠭᠤᠸᠠᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠭᠤᠣ ᠰᠢ ᠬᠤᠸᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ | ᠳᠡᠳ᠋ ᠲᠡᠷᠢᠭᠦᠯᠡᠭᠴᠢ ᠪᠠᠶ ᠬᠤᠩ ᠪᠥᠸᠧ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠹᠠᠩ ᠷᠦᠢ ᠪᠣᠯᠤᠨ | ᠮᠠ ᠵᠢᠩ ᠬᠤᠸᠠ᠂ ᠵᠠᠩ ᠬᠤᠸᠠ ᠵᠡᠷᠭᠡ ᠬᠤᠰᠢᠭᠤᠨ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠳᠤᠮᠳᠠᠳᠤ | ᠤᠯᠤᠰ ᠤᠨ ᠬᠢᠲᠠᠳ ᠡᠮ ᠤᠨ ᠨᠡᠶᠢᠭᠡᠮᠯᠢᠭ ᠤᠨ ᠣᠨᠴᠠ ᠤᠷᠢᠭᠰᠠᠨ ᠵᠣᠴᠢᠨ ᠪᠣᠯᠤᠨ ᠪᠡᠭᠡᠵᠢᠩ ᠬᠤᠲᠠ᠂ | ᠾᠧᠪᠧᠢ ᠮᠤᠵᠢ᠂ ᠱᠠᠨᠳᠦ᠋ᠩ ᠮᠤᠵᠢ ᠵᠡᠷᠭᠡ ᠪᠥᠬᠦ ᠤᠯᠤᠰ ᠤᠨ ᠡᠯ᠎ᠡ ᠭᠠᠵᠠᠷ ᠤᠨ ᠡᠯ᠎ᠡ ᠱᠠᠲᠤᠨ ᠤ | ᠤᠳᠤᠷᠢᠳᠤᠯᠭ᠎ᠠ᠂ ᠲᠤᠰᠬᠠᠶ ᠮᠡᠷᠭᠡᠵᠢᠯᠲᠡᠨ ᠂ ᠠᠵᠤ ᠠᠬᠤᠶᠢᠯᠠᠯᠲᠠᠨ᠂ ᠤᠯᠠᠭᠠᠨᠬᠠᠳᠠ ᠬᠤᠲᠠ ᠶᠢᠨ ᠰᠢᠭᠤᠳ ᠬᠠᠷᠢᠶ᠎ᠠ | ᠰᠠᠯᠠᠭ᠎ᠠ ᠮᠥᠴᠢᠷ ᠪᠣᠯᠤᠨ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠬᠠᠮᠢᠶ᠎ᠠ ᠪᠥᠬᠦᠶ | ᠤᠳᠤᠷᠢᠳᠤᠯᠭ᠎ᠠ᠂ ᠠᠵᠤ ᠠᠬᠤᠶᠢᠯᠠᠯ ᠤᠨ ᠲᠥᠯᠥᠭᠡᠯᠡᠭᠴᠢ᠂ ᠬᠤᠷᠰᠢᠶ᠎ᠠ ᠶᠢᠨ ᠲᠥᠯᠥᠭᠡᠯᠡᠭᠴᠢ ᠪᠣᠯᠤᠨ ᠲᠠᠷᠢᠮᠠᠯ ᠤᠨ | ᠲᠣᠮᠣ ᠡᠷᠦᠬᠡ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠶ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ | ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ ᠡᠬᠢᠯᠡᠯᠲᠡ ᠶᠢᠨ ᠶᠣᠰᠣᠯᠠᠯ ᠢ ᠡᠷᠭᠢᠯᠡᠪᠡ᠃ | ᠹᠠᠩ ᠷᠦᠢ ᠬᠠᠷᠠᠴᠢᠨ ᠬᠤᠰᠢᠭᠤᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ | ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠪᠠ ᠳᠠᠪᠠᠭᠤᠯᠢᠭ ᠢ ᠨᠠᠷᠢᠨ ᠲᠠᠨᠢᠯᠴᠠᠭᠤᠯᠪᠠ᠃ ᠲᠡᠷᠡ | ᠢᠯᠡᠷᠬᠡᠶᠢᠯᠡᠬᠦ ᠳᠡᠭᠡᠨ᠂ ᠬᠠᠷᠠᠴᠢᠨ ᠬᠤᠰᠢᠭᠤ ᠵᠠᠭᠤᠨ ᠳ᠋ᠦᠩᠰᠢᠭᠤᠷ ᠲᠠᠰ ᠤᠨ ᠬᠢᠲᠠᠳ ᠮᠣᠩᠭᠤᠯ ᠡᠮ ᠤᠨ | ᠮᠠᠲ᠋ᠧᠷᠢᠶᠠᠯ ᠤᠨ ᠠᠵᠤ ᠦᠢᠯᠡᠰ ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ | ᠴᠢᠩᠭᠠᠷᠠᠭᠤᠯᠵᠤ᠂ ᠬᠥᠲᠥᠴᠢ ᠠᠵᠤ ᠠᠬᠤᠶᠢᠯᠠᠯ ᠪᠠ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ | ᠲᠦᠰᠢᠭᠯᠡᠨ᠂ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠤᠷᠲᠤᠳᠬᠠᠨ ᠨᠥᠬᠦᠪᠥᠷᠢᠯᠡᠵᠦ᠂ | ᠡᠮ ᠪᠠ ᠢᠳᠡᠭᠡᠨ ᠤ ᠵᠦᠢᠯ ᠤᠨ ᠭᠠᠷᠤᠯ ᠨᠢᠭᠡᠲᠡᠶ ᠡᠷᠡᠭᠦᠯᠵᠢᠯ ᠤᠨ ᠦᠢᠯᠡᠳᠬᠦᠨ ᠪᠠ | ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠦᠢᠯᠡᠳᠬᠦᠨ ᠢ ᠭᠠᠷᠭᠠᠵᠤ᠂ ᠬᠤᠪᠣᠷ ᠴᠤᠬᠠᠭ | ᠡᠮ ᠤᠨ ᠮᠠᠲ᠋ᠧᠷᠢᠶᠠᠯ ᠤᠨ ᠲᠥᠷᠥᠯ ᠵᠦᠢᠯ ᠢ ᠲᠠᠰᠤᠷᠠᠯᠲᠠ ᠥᠬᠡᠶ ᠪᠠᠶᠠᠯᠢᠭᠵᠢᠭᠤᠯᠤᠨ᠎ᠠ ᠭᠡᠵᠡᠶ᠃ ᠠᠮᠢ | ᠠᠬᠤᠶ ᠶᠢᠨ ᠥᠷᠲᠡᠭ ᠢ ᠬᠤᠪᠢᠷᠠᠭᠤᠯᠬᠤ ᠠᠷᠭ᠎ᠠ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ 140 ᠲᠦᠮᠡᠨ | ᠮᠥ ᠠᠰᠢᠭᠲᠤ ᠣᠶᠢᠲᠤ ᠭᠠᠵᠠᠷ ᠢ ᠠᠰᠢᠭᠯᠠᠨ᠂ ᠣᠶ ᠰᠢᠭᠤᠶ ᠡᠮ ᠤᠨ ᠲᠠᠷᠢᠮᠠᠯ ᠢ 10 ᠲᠦᠮᠡᠨ ᠮᠥ ᠨᠡᠮᠡᠭᠳᠡᠭᠦᠯᠬᠦ ᠶᠢ | ᠳᠥᠯᠭᠢᠨ ᠠᠬᠢᠭᠤᠯᠵᠤ᠂ 2026 ᠣᠨ ᠪᠣᠯᠬᠤ ᠳᠤ ᠡᠮ ᠤᠨ ᠮᠠᠲ᠋ᠧᠷᠢᠶᠠᠯ ᠤᠨ ᠲᠠᠷᠢᠮᠠᠯ ᠤᠨ ᠬᠡᠪᠴᠢᠶ᠎ᠡ ᠶᠢ 20 | ᠲᠦᠮᠡᠨ ᠮᠥ ᠠᠴᠠ ᠳᠡᠭᠡᠭᠰᠢ ᠳᠤ ᠬᠦᠷᠦᠭᠦᠯᠦᠨ᠎ᠡ᠃ ᠢᠷᠡᠬᠦ ᠵᠢᠯ ᠳᠤ ᠴᠠᠭ ᠲᠤᠨᠢ ᠲᠣᠬᠢᠷᠠᠭᠤᠯᠤᠨ ᠬᠢᠲᠠᠳ ᠮᠣᠩᠭᠤᠯ | ᠡᠮ ᠤᠨ ᠮᠠᠲ᠋ᠧᠷᠢᠶᠠᠯ ᠤᠨ ᠪᠠᠷᠢᠮᠵᠢᠶᠠᠵᠢᠭᠰᠠᠨ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ ᠤᠨ | ᠬᠤᠶᠠᠳᠤᠭᠠᠷ ᠬᠤᠭᠤᠴᠠᠭᠠᠨ ᠤ 800 ᠮᠥ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠪᠥᠬᠦ ᠤᠯᠤᠰ ᠤᠨ | ᠳᠥᠷᠪᠡᠨ ᠶᠡᠭᠡ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ ᠠᠷᠠᠯᠵᠢᠶᠠᠨ ᠤ ᠰᠠᠭᠤᠷᠢᠨ | ᠭᠠᠵᠠᠷ ᠤᠨ ᠡᠩᠨᠡᠭᠡᠨ ᠳᠤ ᠣᠷᠣᠭᠤᠯᠵᠤ᠂ ᠳᠤᠮᠳᠠᠳᠤ ᠤᠯᠤᠰ ᠤᠨ ᠤᠮᠠᠷᠠᠲᠤ ᠶᠢᠨ ᠬᠢᠲᠠᠳ ᠮᠣᠩᠭᠤᠯ ᠡᠮ ᠤᠨ | ᠮᠠᠲ᠋ᠧᠷᠢᠶᠠᠯ ᠤᠨ ᠦᠷ᠎ᠡ ᠴᠢᠬᠢ ᠬᠠᠩᠭᠠᠬᠤ ᠰᠠᠭᠤᠷᠢᠨ ᠭᠠᠵᠠᠷ ᠢ | ᠪᠠᠢᠭᠤᠯᠬᠤ ᠬᠡᠷᠡᠭᠲᠡᠢ᠃ | ᠹᠠᠩ ᠷᠦᠢ ᠢᠯᠡᠷᠬᠡᠶᠢᠯᠡᠬᠦ ᠳᠡᠭᠡᠨ᠂ ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠬᠢᠲᠠᠳ ᠡᠮ ᠤᠨ | ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ | ᠬᠤᠷᠠᠯ ᠠᠴᠠ ᠨᠠᠰᠢ᠂ ᠬᠠᠷᠠᠴᠢᠨ ᠬᠤᠰᠢᠭᠤᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ | ᠤᠨ ᠠᠵᠤ ᠦᠢᠯᠡᠰ ᠤᠨ ᠬᠡᠪᠴᠢᠶ᠎ᠡ ᠵᠢᠯ ᠳᠠᠷᠠᠭᠠᠯᠠᠨ ᠥᠷᠭᠡᠳᠴᠦ᠂ ᠨᠥᠯᠥᠭᠡᠯᠡᠬᠦ ᠬᠦᠴᠦᠨ᠂ ᠠᠯᠳᠠᠷᠰᠢᠯ | ᠵᠢᠯ ᠳᠠᠷᠠᠭᠠᠯᠠᠨ ᠳᠡᠭᠡᠭᠰᠢᠯᠡᠵᠦ᠂ ᠲᠣᠰ ᠭᠠᠵᠠᠷ ᠤᠨ ᠣᠯᠠᠨ ᠡᠮ ᠤᠨ ᠠᠵᠤ ᠠᠬᠤᠶᠢᠯᠠᠯ ᠵᠠᠯᠭᠠᠭ᠎ᠠ ᠪᠠᠷ ᠬᠤᠰᠢᠭᠤᠨ ᠤ | ᠭᠠᠳᠠᠨᠠᠬᠢ ᠵᠠᠭᠤ ᠭᠠᠷᠤᠶ ᠭᠤᠤᠯᠳᠠᠯᠭ᠎ᠠ ᠲᠠᠢ ᠠᠵᠤ ᠠᠬᠤᠶᠢᠯᠠᠯ ᠲᠠᠢ ᠬᠠᠩᠭᠠᠨ ᠪᠣᠷᠣᠯᠠᠭᠤᠯᠬᠤ ᠬᠡᠯᠡᠯᠴᠡᠭᠡᠷ ᠲᠣᠭᠲᠠᠵᠤ | ᠂ ᠦᠢᠯᠡᠳᠬᠦᠨ ᠤ ᠦᠨ᠎ᠡ ᠬᠠᠩᠰᠢ ᠪᠠ ᠪᠣᠷᠣᠯᠠᠭᠤᠯᠭ᠎ᠠ ᠶᠢᠨ ᠬᠡᠮᠵᠢᠶ᠎ᠡ ᠢᠯᠡᠳᠲᠡ ᠳᠡᠭᠡᠭᠰᠢᠯᠡᠨ᠂ | ᠬᠢᠲᠠᠳ ᠮᠣᠩᠭᠤᠯ ᠡᠮ ᠤᠨ ᠮᠠᠲ᠋ᠧᠷᠢᠶᠠᠯ ᠳᠠᠷᠢᠬᠤ ᠮᠠᠰᠢᠨ᠂ ᠬᠤᠷᠢᠶᠠᠬᠤ ᠮᠠᠰᠢᠨ ᠢ ᠥᠷᠭᠡᠨ ᠢᠶᠠᠷ ᠳᠡᠯᠭᠡᠷᠡᠭᠦᠯᠦᠨ | ᠬᠡᠷᠡᠭᠯᠡᠵᠦ᠂ ᠲᠦᠷᠦᠭᠦᠤ ᠬᠤᠶᠠᠷ ᠤᠳᠠᠭᠠᠨ ᠤ ᠦᠪᠡᠳᠡᠭᠰᠢ ᠴᠤᠭᠯᠠᠭᠠᠨ ᠳᠤ ᠠᠵᠤ ᠠᠬᠤᠶ ᠶᠢᠨ ᠦᠷ᠎ᠡ ᠠᠰᠢᠭ ᠢ 7 | ᠳ᠋ᠦᠩᠰᠢᠭᠤᠷ ᠲᠥᠭᠦᠷᠢᠭ ᠠᠴᠠ ᠳᠡᠭᠡᠭᠰᠢ ᠳᠠᠶᠢᠴᠢᠯᠠᠭᠰᠠᠨ ᠪᠠᠶᠢᠨ᠎ᠠ᠃ ᠲᠣᠰ ᠤᠳᠠᠭᠠᠨ ᠤ ᠦᠪᠡᠳᠡᠭᠰᠢ | ᠴᠤᠭᠯᠠᠭᠠᠨ ᠨᠢ ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠬᠢ ᠪᠠᠶᠠᠯᠢᠭ ᠢ | ᠬᠠᠮᠲᠤ ᠪᠠᠷ ᠡᠳ᠋ᠯᠡᠬᠦ ᠶᠢ ᠭᠦᠨᠵᠡᠭᠡᠶᠢᠷᠡᠭᠦᠯᠦᠨ᠂ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ | ᠬᠥᠭᠵᠢᠯᠲᠡ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠡᠯ᠎ᠡ ᠲᠠᠯ᠎ᠠ ᠶᠢᠨ ᠨᠠᠶᠢᠵᠠ ᠨᠠᠷ ᠲᠠᠢ | ᠬᠠᠮᠲᠤᠷᠠᠯᠴᠠᠭᠠᠨ ᠤ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠨ᠂ ᠬᠠᠮᠲᠤᠷᠠᠯᠴᠠᠭᠠᠨ ᠤ ᠦᠷ᠎ᠡ ᠪᠦᠲᠦᠭᠡᠯ ᠢ | ᠬᠠᠮᠲᠤ ᠪᠠᠷ ᠡᠳ᠋ᠯᠡᠵᠦ᠂ ᠳᠤᠮᠳᠠᠳᠤ ᠮᠣᠩᠭᠤᠯ ᠡᠮ ᠡᠮᠨᠡᠯᠭᠡ ᠶᠢᠨ ᠦᠢᠯᠡᠰ ᠪᠠ ᠠᠵᠤ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠵᠤ᠂ ᠡᠷᠡᠭᠦᠯ ᠡᠩᠬᠡ ᠳᠤᠮᠳᠠᠳᠤ | ᠤᠯᠤᠰ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ | ᠦᠵᠡᠭᠦᠯᠬᠦ ᠪᠣᠯᠤᠨ᠎ᠠ ᠭᠡᠵᠠᠢ ᠃ | ᠹᠠᠩ ᠱᠦ᠋ ᠲᠢᠩ ᠢᠯᠡᠷᠬᠡᠶᠢᠯᠡᠬᠦ ᠳᠡᠭᠡᠨ ᠂ ᠬᠠᠷᠠᠴᠢᠨ ᠬᠤᠰᠢᠭᠤᠨ ᠤ ᠬᠢᠨ ᠠᠮᠢ ᠠᠬᠤᠶ ᠶᠢ ᠲᠡᠷᠢᠭᠦᠨ ᠳᠤ | ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ | ᠵᠠᠮ ᠢ ᠭᠦᠨᠵᠡᠭᠡᠶ ᠬᠠᠶᠢᠨ ᠰᠦᠪᠡᠭᠴᠢᠯᠡᠵᠦ ᠂ ᠬᠢᠲᠠᠳ ᠡᠮ ᠤᠨ ᠮᠠᠲ᠋ᠧᠷᠢᠶᠠᠯ ᠳᠠᠷᠢᠬᠤ ᠨᠢ | ᠥᠨᠢ ᠤᠳᠠᠭᠠᠨ ᠲᠡᠤᠬᠡ ᠲᠠᠢ᠂ ᠮᠠᠨ ᠤ ᠤᠯᠤᠰ ᠤᠨ ᠤᠮᠠᠷᠠᠲᠤ ᠶᠢᠨ ᠵᠢᠩᠬᠢᠨᠢ ᠴᠢᠨᠠᠷ ᠰᠠᠶᠢᠲᠠᠶ ᠬᠢᠲᠠᠳ ᠮᠣᠩᠭᠤᠯ | ᠡᠮ ᠤᠨ ᠮᠠᠲ᠋ᠧᠷᠢᠶᠠᠯ ᠤᠨ ᠭᠤᠤᠯ ᠭᠠᠷᠤᠯᠲᠠ ᠶᠢᠨ ᠭᠠᠵᠠᠷ ᠮᠥᠨ᠃ ᠥᠩᠭᠡᠷᠡᠭᠰᠡᠨ ᠬᠤᠭᠤᠴᠠᠭᠠᠨ ᠤ ᠬᠢᠲᠠᠳ | ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢᠨ ᠶᠡᠭᠡ ᠬᠤᠷᠠᠯ ᠤᠨ ᠴᠢᠬᠤᠯᠠ ᠶᠡᠭᠡ ᠠᠵᠠ ᠲᠣᠬᠢᠶᠠᠯ ᠢᠶᠠᠷ ᠳᠡᠮᠵᠢᠨ᠂ ᠬᠢᠲᠠᠳ ᠡᠮ ᠤᠨ ᠮᠠᠲ᠋ᠧᠷᠢᠶᠠᠯ | ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠠᠯᠳᠠᠷᠰᠢᠯ᠂ ᠨᠥᠯᠥᠭᠡᠯᠡᠬᠦ ᠬᠦᠴᠦᠨ | ᠲᠠᠰᠤᠷᠠᠯᠲᠠ ᠥᠬᠡᠶ ᠳᠡᠭᠡᠭᠰᠢᠯᠡᠵᠦ ᠪᠠᠶᠢᠨ᠎ᠠ᠂ ᠪᠢᠳᠡ ᠲᠠ ᠪᠦᠬᠦᠨ ᠲᠠᠢ ᠬᠠᠮᠲᠤ ᠪᠠᠷ ᠴᠢᠷᠮᠠᠶᠢᠵᠤ ᠪᠠᠶᠢᠭᠠᠳ᠂ | ᠬᠢᠲᠠᠳ ᠡᠮ ᠡᠮᠨᠡᠯᠭᠡ ᠪᠠ ᠦᠨᠳᠦᠰᠦᠲᠡᠨ ᠤ ᠡᠮ ᠡᠮᠨᠡᠯᠭᠡ ᠶᠢᠨ ᠪᠣᠬᠢᠷᠲᠤᠯ ᠥᠬᠡᠶ᠂ ᠰᠢᠨ᠎ᠡ ᠶᠢ ᠡᠭᠦᠳᠬᠦ᠂ | ᠴᠢᠨᠠᠷ ᠴᠢᠨᠰᠠᠭ᠎ᠠ ᠢ ᠪᠠᠲᠤᠯᠠᠵᠤ᠂ ᠯᠠᠪᠳᠠᠭᠤᠨ | ᠪᠠᠲᠤᠲᠠᠢ ᠤᠷᠤᠭᠰᠢᠯᠠᠬᠤ ᠶᠢ ᠠᠬᠢᠭᠤᠯᠵᠤ᠂ ᠮᠠᠨ ᠤ ᠤᠯᠤᠰ ᠤᠨ ᠬᠢᠲᠠᠳ ᠡᠮ ᠡᠮᠨᠡᠯᠭᠡ ᠶᠢᠨ ᠠᠵᠤ | ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠬᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ | ᠬᠠᠩᠭᠠᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠠᠢ | ᠯᠢᠦ ᠵᠠᠩ ᠯᠢᠨ ᠢᠯᠡᠷᠬᠡᠢᠯᠡᠬᠦ ᠳᠡᠭᠡᠨ᠂ ᠡᠨᠡ ᠤᠳᠠᠭ᠎ᠠ ᠶᠢᠨ ᠶᠡᠭᠡ ᠬᠤᠷᠠᠯ᠂ | ᠵᠠᠰᠠᠭ ᠤᠨ ᠣᠷᠳᠣᠨ᠂ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠵᠠᠭᠤᠴᠢᠯᠠᠭᠤᠷ ᠤᠨ ᠡᠯ᠎ᠡ | ᠡᠲᠡᠭᠡᠳ ᠤᠨ ᠰᠣᠳᠣᠨ ᠬᠥᠮᠦᠰ ᠬᠤᠷᠠᠨ ᠴᠤᠭᠯᠠᠷᠠᠵᠤ᠂ ᠤᠯᠤᠰ ᠤᠨ ᠬᠢᠲᠠᠳ ᠡᠮ ᠤᠨ ᠮᠠᠲ᠋ᠧᠷᠢᠶᠠᠯ ᠤᠨ ᠠᠵᠤ | ᠦᠢᠯᠡᠰ ᠤᠨ ᠲᠥᠷᠥ ᠶᠢᠨ ᠪᠣᠳᠣᠯᠭ᠎ᠠ᠂ GAP ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠠᠮᠲᠤᠪᠠᠷ | ᠵᠠᠳᠠᠯᠵᠤ᠂ ᠬᠠᠮᠲᠤ ᠪᠠᠷ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠣᠳᠣᠬᠢ | ᠪᠠᠶᠢᠳᠠᠯ ᠬᠢᠭᠡᠳ ᠤᠯᠠᠭᠠᠨᠬᠠᠳᠠ ᠶᠢᠨ ᠠᠵᠤ ᠦᠢᠯᠡᠰ ᠤᠨ ᠬᠥᠭᠵᠢᠯᠲᠡ ᠶᠢᠨ ᠠᠷᠭ᠎ᠠ ᠪᠣᠳᠣᠯᠭ᠎ᠠ᠂ ᠬᠢᠲᠠᠳ | ᠡᠮ ᠤᠨ ᠮᠠᠲ᠋ᠧᠷᠢᠶᠠᠯ ᠤᠨ ᠭᠠᠷᠤᠯᠲᠠ ᠶᠢᠨ ᠣᠷᠣᠨ ᠤ ᠪᠣᠯᠪᠠᠰᠤᠷᠠᠭᠤᠯᠤᠯᠲᠠ᠂ ᠬᠢᠲᠠᠳ ᠡᠮ ᠤᠨ ᠮᠠᠲ᠋ᠧᠷᠢᠶᠠᠯ ᠤᠨ | ᠦᠢᠯᠡᠳᠪᠦᠷᠢᠯᠡᠯ ᠤᠨ ᠮᠠᠰᠢᠨᠴᠢᠯᠠᠯᠲᠠ ᠵᠡᠷᠭᠡ ᠲᠠᠯ᠎ᠠ ᠪᠠᠷ ᠰᠤᠳᠤᠯᠤᠨ ᠶᠠᠷᠢᠯᠴᠠᠵᠤ᠂ | ᠬᠢᠲᠠᠳ ᠡᠮ ᠤᠨ ᠡᠬᠢ ᠡᠭᠦᠰᠦᠯ ᠲᠠᠢ ᠨᠢᠭᠲᠠ ᠤᠶᠠᠯᠳᠤᠭᠤᠯᠤᠨ᠂ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ | ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠶᠢᠨ ᠰᠢᠨᠵᠢᠯᠡᠬᠦ ᠤᠬᠠᠭᠠᠨᠴᠢᠯᠠᠯᠲᠠ᠂ | ᠮᠠᠰᠢᠨᠴᠢᠯᠠᠯᠲᠠ᠂ ᠠᠮᠢ ᠠᠬᠤᠶᠢᠵᠢᠯᠲᠠ ᠶᠢ ᠳᠥᠯᠭᠢᠨ ᠠᠬᠢᠭᠤᠯᠵᠤ᠂ ᠤᠯᠠᠭᠠᠨᠬᠠᠳᠠ ᠶᠢᠨ ᠬᠢᠲᠠᠳ ᠮᠣᠩᠭᠤᠯ ᠡᠮ ᠤᠨ | ᠮᠠᠲ᠋ᠧᠷᠢᠶᠠᠯ ᠤᠨ ᠠᠵᠤ ᠦᠢᠯᠡᠰ ᠤᠨ ᠨᠠᠩ ᠰᠠᠶᠢᠨ᠂ ᠨᠠᠩ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ | ᠃ ᠳᠤᠮᠳᠠᠳᠤ ᠤᠯᠤᠰ ᠤᠨ ᠬᠢᠲᠠᠳ ᠡᠮ ᠤᠨ ᠨᠡᠶᠢᠭᠡᠮᠯᠢᠭ ᠨᠢ ᠵᠠᠰᠠᠭ ᠤᠨ ᠣᠷᠳᠣᠨ ᠲᠠᠢ ᠨᠡᠪᠲᠡᠷᠡᠯᠴᠡᠬᠦ᠂ ᠠᠵᠤ | ᠠᠬᠤᠶᠢᠯᠠᠯ ᠳᠤ ᠦᠢᠯᠡᠴᠢᠯᠡᠬᠦ ᠪᠠᠷ ᠬᠦᠴᠦᠯᠡᠨ ᠴᠢᠷᠮᠠᠶᠢᠵᠤ᠂ ᠵᠢᠷᠤᠮᠵᠢᠯ ᠲᠠᠢ ᠬᠦᠳᠦᠯᠦᠨ ᠳᠠᠭᠠᠭᠤᠯᠬᠤ᠂ ᠰᠢᠨᠵᠢᠯᠡᠬᠦ | ᠤᠬᠠᠭᠠᠨᠴᠢ ᠪᠠᠷ ᠬᠦᠴᠦᠨ ᠨᠡᠮᠡᠷᠢᠯᠡᠬᠦ᠂ ᠠᠵᠤ ᠠᠬᠤᠶᠢᠯᠠᠯ ᠢ ᠳᠣᠲᠣᠨᠣᠴᠢᠯᠠᠨ ᠪᠦᠯᠬᠦᠮᠳᠡᠭᠦᠯᠬᠦ ᠬᠥᠭᠵᠢᠯᠲᠡ ᠶᠢᠨ | ᠣᠶᠢᠯᠠᠭᠠᠭᠳᠠᠬᠤᠨ ᠢ ᠪᠠᠷᠢᠮᠲᠠᠯᠠᠵᠤ᠂ ᠤᠯᠤᠰ᠂ ᠨᠡᠶᠢᠭᠡᠮ᠂ ᠤᠯᠠᠨ ᠨᠡᠶᠢᠳᠡ᠂ ᠠᠵᠢᠯ ᠲᠦᠷᠦᠯ ᠳᠤ ᠦᠢᠯᠡᠴᠢᠯᠡᠭᠡ | ᠬᠠᠩᠭᠠᠨ᠎ᠠ ᠭᠡᠵᠠᠢ᠃ | ᠥᠪᠥᠷ ᠮᠣᠩᠭᠤᠯ ᠤᠨ ᠮᠢᠨ ᠷᠦᠩ ᠬᠢᠲᠠᠳ ᠡᠮ ᠤᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠬᠡᠷᠡᠭ | ᠮᠡᠳᠡᠭᠴᠢᠳ ᠤᠨ ᠳᠠᠷᠤᠭ᠎ᠠ ᠯᠢᠱᠦ᠋ ᠮᠢᠨ ᠠᠵᠤ ᠠᠬᠤᠶᠢᠯᠠᠯ ᠤᠨ ᠲᠥᠯᠥᠭᠡᠯᠡᠭᠴᠢ ᠶᠢᠨ ᠬᠤᠪᠢ ᠪᠠᠷ ᠦᠭᠡ | ᠬᠡᠯᠡᠪᠡ᠃ ᠲᠡᠷᠡ ᠢᠯᠡᠷᠬᠡᠶᠢᠯᠡᠬᠦ ᠳᠡᠭᠡᠨ᠂ ᠨᠤᠲᠤᠭ ᠤᠨ ᠠᠷᠠᠳ ᠤᠨ ᠡᠵᠡᠩᠨᠡᠭᠰᠡᠨ ᠠᠵᠤ ᠠᠬᠤᠶᠢᠯᠠᠯ ᠪᠣᠯᠤᠭᠰᠠᠨ ᠤ | ᠬᠤᠪᠢ ᠳᠤ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠰᠠᠶᠢᠲᠤᠷ ᠪᠠᠳᠠᠷᠠᠭᠤᠯᠵᠤ᠂ ᠵᠠᠬ᠎ᠠ | ᠳᠡᠯᠭᠡᠭᠦᠷ ᠢ ᠨᠡᠭᠡᠭᠡᠬᠦ᠂ ᠠᠵᠢᠯ ᠣᠯᠭᠤᠯᠲᠠ ᠶᠢ ᠡᠭᠦᠳᠬᠦ᠂ ᠨᠤᠲᠤᠭ ᠤᠨ ᠢᠶᠠᠨ ᠠᠵᠤ ᠠᠬᠤᠶ ᠶᠢᠨ ᠬᠥᠭᠵᠢᠯᠲᠡ ᠶᠢ | ᠠᠬᠢᠭᠤᠯᠬᠤ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠦᠨᠡᠨᠴᠢ ᠢᠲᠡᠭᠡᠮᠵᠢᠲᠡᠶ ᠪᠠᠷ ᠡᠵᠡᠩᠨᠡᠵᠦ᠂ | ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠵᠤ᠂ ᠠᠵᠤ ᠠᠬᠤᠶᠢᠯᠠᠯ ᠢᠶᠠᠷ ᠠᠵᠤ ᠠᠬᠤᠶᠢᠯᠠᠯ ᠢ ᠲᠠᠲᠠᠵᠤ᠂ | ᠬᠠᠷᠠᠴᠢᠨ ᠬᠤᠰᠢᠭᠤᠨ ᠤ ᠡᠮ ᠤᠨ ᠮᠠᠲ᠋ᠧᠷᠢᠶᠠᠯ ᠳᠠᠷᠢᠬᠤ᠂ ᠡᠳ᠋ᠰᠢᠭᠦᠯᠬᠦ᠂ ᠰᠤᠳᠤᠯᠤᠨ ᠨᠡᠭᠡᠭᠡᠬᠦ᠂ | ᠭᠦᠢᠯᠭᠡᠭᠡ ᠂ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠰᠢᠰᠲ᠋ᠧᠮᠵᠢ ᠶᠢ | ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠪᠢᠳᠡᠨ ᠤ ᠪᠠᠶᠢᠪᠠᠰᠤ ᠵᠣᠬᠢᠬᠤ ᠬᠦᠴᠦᠨ ᠴᠢᠳᠠᠯ ᠢᠶᠠᠨ ᠡᠷᠭᠦᠬᠦ | ᠬᠡᠷᠡᠭᠲᠡᠶ ᠭᠡᠵᠠᠢ᠃ | ᠬᠤᠷᠠᠯ ᠳᠡᠭᠡᠷ᠎ᠡ᠂ ᠶᠡᠷᠦᠩᠬᠡᠶ ᠪᠠᠯᠠ ᠣᠷᠣᠭᠤᠯᠤᠯᠲᠠ ᠨᠢ 40.1 ᠳ᠋ᠦᠩᠰᠢᠭᠤᠷ ᠲᠥᠭᠦᠷᠢᠭ ᠤᠨ 18 ᠲᠥᠷᠥᠯ | ᠵᠦᠢᠯ ᠲᠠᠢ ᠭᠠᠷ ᠤᠨ ᠥᠰᠥᠭ ᠵᠢᠷᠤᠵᠤ᠂ ᠤᠯᠠᠭᠠᠨᠬᠠᠳᠠ ᠬᠤᠲᠠ ᠶᠢᠨ ᠬᠢᠲᠠᠳ ᠡᠮ ᠤᠨ ᠮᠠᠲ᠋ᠧᠷᠢᠶᠠᠯ ︵ | ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠮᠡᠳᠡᠭᠡ ᠵᠠᠩᠭᠢ ᠶᠢᠨ ᠲᠠᠪᠴᠠᠩ ᠢ ᠨᠡᠶᠢᠲᠡᠯᠡᠵᠦ | ᠂ ᠠᠵᠤ ᠦᠢᠯᠡᠰ ᠤᠨ ᠬᠥᠭᠵᠢᠯᠲᠡ ᠶᠢᠨ ᠵᠥᠪᠯᠡᠭᠴᠢ ᠶᠢ ᠤᠷᠢᠵᠤ᠂ ᠡᠬᠢᠯᠡᠯᠲᠡ ᠶᠢᠨ ᠶᠣᠰᠣᠯᠠᠯ ᠳᠤ | ᠣᠷᠣᠯᠴᠠᠭᠰᠠᠨ ᠬᠠᠮᠢᠶ᠎ᠠ ᠪᠥᠬᠦᠶ ᠤᠳᠤᠷᠢᠳᠤᠯᠭ᠎ᠠ ᠨᠠᠷ ᠬᠠᠮᠲᠤ ᠪᠠᠷ ︽ᠪᠥᠬᠦ ᠤᠯᠤᠰ ᠤᠨ ᠭᠤᠷᠪᠠᠳᠤᠭᠠᠷ | ᠬᠤᠭᠤᠴᠠᠭᠠᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ︾ ᠤᠨ ᠡᠬᠢᠯᠡᠯᠲᠡ ᠶᠢᠨ ᠲᠣᠪᠴᠢ ᠶᠢ | ᠳᠠᠷᠤᠪᠠ᠃ | ᠡᠬᠢᠯᠡᠯᠲᠡ ᠶᠢᠨ ᠶᠣᠰᠣᠯᠠᠯ ᠡᠬᠢᠯᠡᠬᠦ ᠠᠴᠠ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠨ ᠴᠤᠤ | ᠴᠢ ᠥᠪᠥᠷ ᠮᠣᠩᠭᠤᠯ ᠤᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ | ᠪᠠᠷᠢᠮᠵᠢᠶᠠᠵᠢᠭᠤᠯᠤᠭᠰᠠᠨ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ ᠤᠨ ᠦᠵᠡᠭᠦᠯᠦᠯᠭᠡ ᠶᠢᠨ | ᠲᠢᠩᠬᠢᠮ ᠢ ᠲᠣᠭᠤᠷᠢᠨ ᠦᠵᠡᠪᠡ᠃ ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠬᠤᠷᠠᠯ ᠳᠤ | ᠣᠷᠣᠯᠴᠠᠭᠰᠠᠳ ᠵᠤᠯᠵᠠᠭ᠎ᠠ ᠮᠣᠳᠣᠨ ᠤ ᠦᠵᠡᠭᠦᠯᠦᠯᠭᠡ ᠶᠢᠨ ᠲᠣᠭᠤᠷᠢᠭ᠂ ᠬᠢᠲᠠᠳ ᠡᠮ ᠤᠨ ᠮᠠᠲ᠋ᠧᠷᠢᠶᠠᠯ ︵ᠮᠣᠩᠭᠤᠯ | ᠡᠮ ᠤᠨ ᠮᠠᠲ᠋ᠧᠷᠢᠶᠠᠯ︶ ᠤᠨ ᠦᠵᠡᠭᠦᠯᠦᠯᠭᠡ ᠶᠢᠨ ᠲᠣᠭᠤᠷᠢᠭ᠂ ᠮᠠᠰᠢᠨ ᠲᠥᠬᠦᠭᠡᠷᠦᠮᠵᠢ ᠶᠢᠨ ᠦᠵᠡᠭᠦᠯᠦᠯᠭᠡ ᠶᠢᠨ | ᠲᠣᠭᠤᠷᠢᠭ ᠪᠠ ᠬᠢᠲᠠᠳ ᠮᠣᠩᠭᠤᠯ ᠤᠨ ᠡᠮ ᠤᠨ ᠮᠠᠲ᠋ᠧᠷᠢᠶᠠᠯ ᠤᠨ ᠦᠵᠡᠭᠦᠯᠦᠯᠭᠡ ᠶᠢᠨ ᠣᠷᠳᠣᠨ ᠢ ᠲᠣᠭᠤᠷᠢᠨ | ᠦᠵᠡᠭᠰᠡᠨ ᠤ ᠳᠠᠷᠠᠭ᠎ᠠ᠂ ᠣᠶ ᠰᠢᠭᠤᠶ ᠡᠮ ᠳᠠᠷᠢᠬᠤ ᠰᠠᠭᠤᠷᠢᠨ ᠭᠠᠵᠠᠷ᠂ ᠦᠷ᠎ᠡ ᠪᠠ ᠵᠤᠯᠵᠠᠭ᠎ᠠ ᠮᠣᠳᠣᠨ ᠤ | ᠰᠠᠭᠤᠷᠢᠨ ᠭᠠᠵᠠᠷ ᠪᠠ ᠰᠣᠶᠣᠯ ᠢ ᠤᠯᠠᠮᠵᠢᠯᠠᠨ ᠵᠠᠯᠭᠠᠮᠵᠢᠯᠠᠬᠤ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠪᠦᠯᠦᠭ | ᠬᠤᠪᠢᠶᠠᠨ ᠲᠤᠬᠠᠶ ᠶᠢᠨ ᠭᠠᠵᠠᠷ ᠲᠤᠨᠢ ᠲᠣᠭᠤᠷᠢᠨ ᠦᠵᠡᠪᠡ᠃ | ᠲᠣᠰ ᠬᠤᠭᠤᠴᠠᠭᠠᠨ ᠤ ᠶᠡᠭᠡ ᠬᠤᠷᠠᠯ ᠨᠢ ︽ᠣᠬᠢ ᠰᠣᠳᠣ ᠶᠢ ᠤᠯᠠᠮᠵᠢᠯᠠᠨ ᠲᠥᠪ ᠶᠣᠰᠣ ᠶᠢ ᠰᠠᠬᠢᠵᠤ | ᠰᠢᠨ᠎ᠡ ᠶᠢ ᠡᠭᠦᠳᠬᠦ︾ ᠪᠠᠷ ᠭᠤᠤᠯ ᠰᠡᠳᠦᠪ ᠪᠣᠯᠭᠠᠵᠤ᠂ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ | ᠮᠠᠲ᠋ᠧᠷᠢᠶᠠᠯ︶ ᠤᠨ ᠠᠵᠤ ᠦᠢᠯᠡᠰ ᠤᠨ ᠬᠥᠭᠵᠢᠯᠲᠡ ᠶᠢᠨ ᠶᠠᠷᠢᠯᠴᠠᠬᠤ ᠬᠤᠷᠠᠯ ᠪᠠ GAP ᠲᠠᠷᠢᠮᠠᠯ ᠤᠨ | ᠲᠦᠷᠦᠭᠦᠴᠦᠳ ᠤᠨ ᠶᠠᠷᠢᠶᠠᠨ ᠤ ᠲᠠᠪᠴᠠᠩ᠂ ᠭᠠᠷᠤᠯᠲᠠ ᠶᠢᠨ ᠣᠷᠣᠨ ᠤ ᠪᠣᠯᠪᠠᠰᠤᠷᠠᠭᠤᠯᠬᠤ ᠲᠦᠷᠦᠭᠦᠴᠦᠳ ᠤᠨ | ᠶᠠᠷᠢᠶᠠᠨ ᠤ ᠲᠠᠪᠴᠠᠩ ᠵᠡᠷᠭᠡ ᠬᠤᠶᠠᠷ ᠵᠡᠷᠭᠡᠴᠡᠭᠡ ᠶᠠᠷᠢᠶᠠᠨ ᠤ ᠲᠠᠪᠴᠠᠩ ᠢ ᠥᠷᠨᠢᠭᠦᠯᠦᠭᠰᠡᠨ ᠤ ᠬᠠᠮᠲᠤ ᠬᠢᠲᠠᠳ | ᠡᠮ ᠤᠨ ᠦᠷ᠎ᠡ ᠪᠠ ᠵᠤᠯᠵᠠᠭ᠎ᠠ ᠮᠣᠳᠣ᠂ ᠡᠮ ᠤᠨ ᠮᠠᠲ᠋ᠧᠷᠢᠶᠠᠯ ᠤᠨ ᠪᠦᠲᠦᠭᠡᠭᠳᠡᠬᠦᠨ᠂ ᠣᠶ ᠰᠢᠭᠤᠶ ᠪᠠ ᠡᠮ ᠤᠨ | ᠵᠦᠢᠯ ᠤᠨ ᠲᠠᠷᠢᠮᠠᠯ ᠪᠠ ᠪᠥᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠡᠮ ᠤᠨ ᠮᠠᠲ᠋ᠧᠷᠢᠶᠠᠯ ᠤᠨ ᠮᠠᠰᠢᠨ | ᠮᠧᠬᠠᠨᠢᠭ ᠢ ᠲᠥᠪᠯᠡᠷᠡᠭᠦᠯᠦᠨ ᠳᠡᠯᠭᠡᠨ ᠦᠵᠡᠭᠦᠯᠵᠡᠶ᠃ | ᠣᠶᠢᠯᠠᠭᠠᠭᠰᠠᠨ ᠢᠶᠠᠷ᠂ ᠭᠤᠷᠪᠠᠨ ᠬᠤᠭᠤᠴᠠᠭ᠎ᠠ ᠦᠷᠭᠦᠯᠵᠢᠯᠡᠭᠰᠡᠨ ᠬᠢᠲᠠᠳ ᠡᠮ ᠤᠨ ᠮᠠᠲ᠋ᠧᠷᠢᠶᠠᠯ ︵ᠮᠣᠩᠭᠤᠯ | ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠨᠢ | ᠪᠥᠬᠦ ᠤᠯᠤᠰ ᠤᠨ ᠡᠯ᠎ᠡ ᠭᠠᠵᠠᠷ ᠤᠨ ᠡᠮ ᠡᠮᠨᠡᠯᠭᠡ ᠶᠢᠨ ᠠᠵᠢᠯ ᠲᠥᠷᠥᠯ ᠤᠨ ᠲᠤᠰᠬᠠᠶ ᠮᠡᠷᠭᠡᠵᠢᠯᠲᠡᠨ᠂ ᠡᠷᠳᠡᠮᠲᠡᠨ᠂ | ᠠᠵᠤ ᠠᠬᠤᠶᠢᠯᠠᠯᠲᠠᠨ ᠢ ᠨᠡᠶᠢᠲᠡ 2000 ᠭᠠᠷᠤᠶ ᠬᠥᠮᠦᠨ ᠲᠡᠳᠡᠨ ᠠᠪᠴᠢᠷᠠᠵᠤ᠂ ᠵᠠᠭᠤ ᠭᠠᠷᠤᠶ ᠡᠮ ᠤᠨ ᠠᠵᠤ | ᠠᠬᠤᠶᠢᠯᠠᠯ ᠬᠠᠷᠠᠴᠢᠨ ᠬᠤᠰᠢᠭᠤ ᠲᠠᠢ ᠬᠠᠩᠭᠠᠨ ᠪᠣᠷᠣᠯᠠᠭᠤᠯᠬᠤ ᠬᠡᠯᠡᠯᠴᠡᠭᠡᠷ ᠲᠣᠭᠲᠠᠵᠤ᠂ ᠬᠠᠷᠠᠴᠢᠨ ᠬᠤᠰᠢᠭᠤᠨ ᠤ | ᠪᠥᠬᠦ ᠤᠯᠤᠰ ᠤᠨ ᠬᠢᠲᠠᠳ ᠡᠮ ᠡᠮᠨᠡᠯᠭᠡ ᠶᠢᠨ ᠡᠲᠡᠭᠡᠳ ᠲᠠᠬᠢ ᠨᠥᠯᠥᠭᠡᠯᠡᠬᠦ ᠬᠦᠴᠦᠨ ᠪᠠ ᠠᠯᠳᠠᠷᠰᠢᠯ ᠢ | ᠳᠡᠭᠡᠭᠰᠢᠯᠡᠭᠦᠯᠦᠭᠰᠡᠨ ᠪᠠᠶᠢᠨ᠎ᠠ᠃ | |