ᠪᠥᠬᠦ ᠬᠤᠰᠢᠭᠤᠨ ᠤ ᠠᠩᠬᠠᠳᠠᠭᠴᠢ ᠰᠠᠭᠤᠭᠠᠯᠢ ᠠᠷᠠᠳ ᠤᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠨᠢᠦ ᠵᠢᠶᠠ ᠢᠩᠽᠢ ᠪᠠᠯᠭᠠᠰᠤ ᠶᠢᠨ ᠾᠧ ᠷᠦᠢ ᠨᠡᠶᠢᠭᠡᠮ ᠲᠣᠭᠤᠷᠢᠭ ᠤᠨ ᠹᠠᠩ ᠮᠧᠶ ᠰᠠᠭᠤᠭᠠᠯᠢ ᠠᠷᠠᠳ ᠤᠨ ᠲᠣᠭᠤᠷᠢᠭ ᠲᠤ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/9/13
      ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ ᠶᠢᠨ ︽ᠬᠦᠴᠢᠷᠳᠡᠯ ᠢ ᠰᠢᠢᠳᠪᠦᠷᠢᠯᠡᠬᠦ ᠠᠵᠢᠯᠯᠠᠭ᠎ᠠ︾ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ︽ᠰᠠᠭᠤᠷᠢ ᠶᠢ ᠴᠢᠩᠭᠠᠳᠬᠠᠨ ᠬᠡᠪᠴᠢᠶ᠎ᠡ ᠶᠢ ᠦᠷᠭᠡᠳᠬᠡᠵᠦ ᠠᠮᠢᠵᠢᠷᠠᠯ ᠢ ᠠᠬᠢᠭᠤᠯᠬᠤ ᠢᠨᠵᠧᠨᠧᠷᠢᠩ︾ ᠪᠣᠯᠤᠨ ᠤᠯᠠᠭᠠᠨᠬᠠᠳᠠ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢ ᠡᠭᠦᠳᠦᠨ ᠪᠠᠶᠢᠭᠤᠯᠬᠤ ᠲᠤᠬᠠᠶ ᠠᠵᠢᠯ ᠤᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢᠨ ᠲᠥᠯᠥᠭᠡ᠂ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠰᠢᠨ᠎ᠡ ᠶᠢ ᠡᠭᠦᠳᠴᠦ᠂ ᠡᠮᠡᠭᠲᠡᠶᠢᠴᠦᠳ ᠤᠨ ᠬᠤᠯᠪᠣᠭ᠎ᠠ ᠶᠢᠨ ᠦᠨᠳᠦᠰᠦᠨ ᠱᠠᠲᠤᠨ ᠤ ᠡᠮᠡᠭᠲᠡᠶᠢᠴᠦᠳ ᠲᠠᠢ ᠬᠠᠷᠢᠯᠴᠠᠬᠤ ᠪᠠ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ 9 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠪᠥᠬᠦ ᠬᠤᠰᠢᠭᠤᠨ ᠤ ᠠᠩᠬᠠᠳᠠᠭᠴᠢ ᠰᠠᠭᠤᠭᠠᠯᠢ ᠠᠷᠠᠳ ᠤᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠨᠢᠦ ᠵᠢᠶᠠ ᠢᠩᠽᠢ ᠪᠠᠯᠭᠠᠰᠤ ᠶᠢᠨ ᠾᠧ ᠷᠦᠢ ᠨᠡᠶᠢᠭᠡᠮ ᠲᠣᠭᠤᠷᠢᠭ ᠤᠨ ᠹᠠᠩ ᠮᠧᠶ ᠰᠠᠭᠤᠭᠠᠯᠢ ᠠᠷᠠᠳ ᠤᠨ ᠲᠣᠭᠤᠷᠢᠭ ᠲᠤ ᠪᠠᠶᠢᠭᠤᠯᠤᠭᠳᠠᠪᠠ᠃     ᠹᠠᠩ ᠮᠧᠢ ᠰᠠᠭᠤᠭᠠᠯᠢ ᠠᠷᠠᠳ ᠤᠨ ᠲᠣᠭᠤᠷᠢᠭ ᠤᠨ ᠠᠩᠬᠠᠳᠤᠭᠠᠷ ᠤᠳᠠᠭ᠎ᠠ ᠶᠢᠨ ᠡᠮᠡᠭᠲᠡᠶᠢᠴᠦᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠠᠷᠠᠳᠴᠢᠯᠠᠯ ᠤᠨ ᠰᠣᠩᠭᠤᠭᠤᠯᠢ ᠶᠢᠨ ᠲᠡᠰ ᠳᠠᠷᠠᠭᠠᠯᠠᠯ ᠢ ᠴᠢᠩᠭ᠎ᠠ ᠵᠢᠷᠤᠮᠯᠠᠨ᠂ ᠨᠢᠭᠤᠴᠠ ᠰᠣᠩᠭᠤᠭᠤᠯᠢ ᠶᠢᠨ ᠠᠷᠭ᠎ᠠ ᠪᠠᠷ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠠᠩᠬᠠᠳᠤᠭᠠᠷ ᠬᠤᠭᠤᠴᠠᠭᠠᠨ ᠤ ᠭᠦᠢᠴᠡᠳᠬᠡᠬᠦ ᠵᠥᠪᠯᠡᠯ ᠢ ᠰᠣᠩᠭᠤᠨ ᠭᠠᠷᠭᠠᠵᠤ᠂ ᠭᠦᠢᠴᠡᠳᠬᠡᠬᠦ ᠵᠥᠪᠯᠡᠯ ᠤᠨ ᠠᠩᠬᠠᠳᠤᠭᠠᠷ ᠬᠤᠷᠠᠯ ᠠᠴᠠ ᠪᠢᠯᠧᠲ ᠥᠭᠴᠦ ᠰᠠᠭᠤᠭᠠᠯᠢ ᠠᠷᠠᠳ ᠤᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ 1 ᠬᠥᠮᠦᠨ᠂ ᠳᠡᠳ᠋ ᠲᠡᠷᠢᠭᠦᠯᠡᠭᠴᠢ 2 ᠬᠥᠮᠦᠨ ᠢ ᠰᠣᠩᠭᠤᠨ ᠭᠠᠷᠭᠠᠪᠠ᠃     ᠹᠠᠩ ᠮᠧᠢ ᠰᠠᠭᠤᠭᠠᠯᠢ ᠠᠷᠠᠳ ᠤᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠰᠢᠨ᠎ᠡ ᠪᠠᠷ ᠰᠣᠩᠭᠤᠭᠳᠠᠭᠰᠠᠨ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠯᠢᠦ ᠢᠦᠢ ᠴᠢᠨ ᠢᠯᠡᠳᠬᠡᠭᠰᠡᠨ ᠨᠢ ᠂ ᠬᠤᠶᠢᠰᠢᠳᠠ ᠶᠢᠨ ᠠᠵᠢᠯ ᠳᠤᠮᠳᠠ᠂ ᠡᠮᠡᠭᠲᠡᠶᠢᠴᠦᠳ ᠤᠨ ᠬᠤᠯᠪᠤᠭ᠎ᠠ ᠶᠢ ᠪᠦᠯᠬᠦᠮᠳᠡᠭᠦᠯᠦᠨ ᠨᠢᠭᠲᠠᠷᠠᠭᠤᠯᠵᠤ᠂ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠤᠨ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠲᠣᠭᠤᠷᠢᠭ ᠤᠨ ᠭᠡᠷ ᠪᠦᠯᠢ ᠶᠢᠨ ᠪᠠᠶᠢᠳᠠᠯ ᠢ ᠣᠶᠢᠯᠠᠭᠠᠵᠤ᠂ ᠤᠯᠠᠨ ᠤ ︽ᠪᠠᠴᠢᠮᠳᠠᠵᠤ ᠵᠣᠪᠠᠭ᠋ᠤ︾ ᠠᠰᠠᠭᠤᠳᠠᠯ ᠢ ᠢᠳᠡᠪᠬᠢᠲᠡᠢ ᠰᠢᠢᠳᠪᠦᠷᠢᠯᠡᠬᠦ ᠶᠢᠨ ᠬᠠᠮᠲᠤ ᠤᠯᠠᠨ ᠵᠦᠢᠯ ᠤᠨ ᠬᠡᠯᠪᠡᠷᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠤᠯᠠᠨ ᠲᠦᠮᠡᠨ ᠦ ᠵᠣᠯ ᠵᠢᠷᠭᠠᠯᠲᠤ ᠲᠦᠷᠦᠭᠳᠡᠯ ᠢ ᠨᠡᠮᠡᠭᠳᠡᠭᠦᠯᠦᠨ᠎ᠡ ᠭᠡᠵᠠᠢ᠃     ︽ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠰᠠᠭᠤᠭᠠᠯᠢ ᠠᠷᠠᠳ ᠤᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ ᠰᠠᠭᠤᠭᠠᠯᠢ ᠠᠷᠠᠳ ᠤᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠴᠡᠭ ᠢ ᠪᠤᠶᠢᠵᠢᠭᠤᠯᠤᠨ᠂ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠬᠤ᠂ ᠪᠥᠬᠦ ᠲᠠᠯ᠎ᠠ ᠶᠢ ᠳᠠᠶᠢᠴᠢᠯᠠᠬᠤ ᠦᠷ᠎ᠡ ᠪᠦᠲᠦᠮᠵᠢ ᠳᠤ ᠬᠦᠷᠴᠦ᠂ ︿ᠲᠠᠪᠤᠨ ᠶᠡᠭᠡ ᠡᠭᠦᠷᠭᠡ﹀ ᠶᠢ ᠨᠠᠶᠢᠳᠠᠪᠤᠷᠢᠵᠢᠭᠤᠯᠬᠤ ᠪᠠ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠦᠷᠭᠦᠯᠵᠢᠯᠡᠨ ᠡᠷᠭᠦᠨ᠎ᠡ︾ ᠭᠡᠵᠦ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠫᠢᠶᠣᠣ ᠯᠢ ᠵᠢᠤᠸᠠᠨ ᠢᠯᠡᠷᠬᠡᠶᠢᠯᠡᠪᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号