9 ᠰᠠᠷ᠎ᠠ ᠶᠢᠨ 14 ᠤ ᠡᠳᠦᠷ᠂ ᠬᠠᠷᠠᠴᠢᠨ ᠬᠤᠰᠢᠭᠤ ᠪᠣᠯᠤᠨ ᠵᠥᠩ ᠱᠧᠩ ᠲᠠᠢ | ᠺᠧ ᠣᠶᠤᠨᠴᠢ ᠮᠡᠷᠭᠡᠵᠢᠯ ᠤᠨ ᠬᠢᠵᠠᠭᠠᠷᠲᠤ ᠺᠣᠮᠫᠠᠨᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ | ᠵᠣᠯᠭᠠᠭᠤᠯᠬᠤ ᠵᠥᠪᠳᠡᠯᠴᠡᠬᠡᠷ ᠤᠨ ᠬᠤᠷᠠᠯ ᠬᠢᠪᠠ᠃ ᠵᠥᠩ ᠱᠧᠩ ᠲᠠᠢ ᠺᠧ ᠣᠶᠤᠨᠴᠢ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠦᠸᠧ ᠪᠢᠨ᠂ ᠱᠧᠨᠵᠧᠨ ᠤ ᠲᠤᠩ ᠼᠠᠢ ᠭᠤᠸᠠᠩ ᠡᠯᠧᠺᠲᠷᠣᠨ | ᠦᠵᠡᠭᠦᠯᠦᠯᠭᠡ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠦ ᠸᠧᠶ᠂ ᠤᠯᠠᠭᠠᠨᠬᠠᠳᠠ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠵᠥᠩ ᠵᠢᠶᠠ ᠶᠠᠩ᠂ ᠬᠤᠰᠢᠭᠤᠨ ᠤ | ᠨᠠᠮ ᠤᠨ ᠬᠤᠷᠢᠶᠠᠨ ᠤ ᠱᠦᠵᠢ ᠹᠠᠩ ᠷᠦᠢ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠵᠣᠣ ᠶᠠᠨ ᠬᠤᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ | ᠳᠡᠳ᠋ ᠬᠤᠰᠢᠭᠤᠨ ᠳᠠᠷᠤᠭ᠎ᠠ ᠮᠠ ᠶᠦᠩ ᠭᠠᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠬᠤᠷᠠᠯ ᠠᠴᠠ ᠡᠮᠦᠨ᠎ᠡ᠂ ᠯᠦᠸᠧ ᠪᠢᠨ᠂ ᠯᠢᠦ ᠸᠧᠢ ᠤᠷᠢᠳ ᠬᠤᠵᠢᠳ ᠬᠠᠷᠠᠴᠢᠨ ᠬᠤᠰᠢᠭᠤ ᠤ ᠾᠧ | ᠮᠧᠢ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠯᠡᠩ ᠵᠢᠴᠢ ᠬᠠᠷᠠᠴᠢᠨ ᠬᠤᠰᠢᠭᠤᠨ ᠤ ᠰᠢᠨ᠎ᠡ | ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠢᠶᠠᠷ ᠲᠣᠭᠤᠷᠢᠨ ᠦᠵᠡᠪᠡ᠃ | ᠬᠤᠷᠠᠯ ᠳᠡᠭᠡᠷ᠎ᠡ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠠᠵᠤ ᠠᠬᠤᠶᠢᠯᠠᠯ ᠤᠨ ᠬᠥᠭᠵᠢᠯᠲᠡ ᠶᠢᠨ | ᠶᠠᠪᠤᠴᠠ᠂ ᠠᠵᠤ ᠦᠢᠯᠡᠰ ᠤᠨ ᠪᠠᠶᠢᠷᠢᠰᠢᠯ ᠵᠡᠷᠭᠡ ᠪᠠᠶᠢᠳᠠᠯ ᠢ ᠨᠠᠷᠢᠨ ᠲᠠᠨᠢᠯᠴᠠᠭᠤᠯᠵᠤ᠂ ᠡᠭᠦᠨ ᠤ ᠬᠠᠮᠲᠤ ᠮᠠᠨ ᠤ | ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠣᠷᠣᠨ | ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠵᠢᠴᠢ ᠪᠠᠯᠠ ᠣᠷᠣᠭᠤᠯᠤᠯᠲᠠ ᠶᠢᠨ ᠣᠷᠴᠢᠨ ᠲᠣᠭᠤᠷᠢᠨ | ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠬᠤᠶᠠᠷ ᠲᠠᠯ᠎ᠠ ᠪᠠᠷ ᠢᠶᠠᠨ | ᠬᠥᠭᠵᠢᠯᠲᠡ ᠶᠢᠨ ᠢᠷᠡᠭᠡᠳᠦᠶ᠂ ᠡᠬᠢ ᠪᠠᠶᠠᠯᠢᠭ ᠤᠨ ᠲᠠᠷᠬᠠᠯᠲᠠ᠂ ᠳᠡᠭᠡᠳᠦ ᠳᠣᠤᠷᠠᠳᠤ ᠤᠷᠤᠰᠬᠠᠯ ᠤᠨ ᠠᠵᠤ | ᠦᠢᠯᠡᠰ ᠤᠨ ᠬᠡᠯᠬᠢᠶ᠎ᠡ ᠵᠢᠴᠢ ᠲᠥᠷᠥᠯ ᠵᠦᠢᠯ ᠤᠨ ᠬᠠᠮᠲᠤᠷᠠᠯᠴᠠᠭ᠎ᠠ ᠶᠢ ᠴᠢᠩᠭᠠᠳᠬᠠᠬᠤ ᠵᠡᠷᠭᠡ | ᠪᠠᠶᠢᠳᠠᠯ ᠤᠨ ᠲᠤᠬᠠᠶ ᠭᠦᠨᠵᠡᠭᠡᠶ ᠶᠠᠷᠢᠯᠴᠠᠨ ᠰᠣᠯᠢᠯᠴᠠᠵᠠᠶ᠃ | ᠹᠠᠩ ᠷᠦᠢ ᠢᠯᠡᠷᠬᠡᠶᠢᠯᠡᠬᠦ ᠳᠡᠭᠡᠨ᠂ ᠮᠠᠨ ᠤ ᠬᠤᠰᠢᠭᠤᠨ ᠤ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠶ᠂ ᠵᠠᠮ | ᠬᠠᠷᠢᠯᠴᠠᠭ᠎ᠠ ᠲᠥᠬᠦᠮ᠂ ᠡᠬᠢ ᠪᠠᠶᠠᠯᠢᠭ ᠡᠯᠪᠡᠭ᠂ ᠰᠣᠶᠣᠯ ᠢᠷᠭᠡᠨᠰᠢᠯ ᠤᠨ ᠲᠡᠤᠬᠡ ᠭᠦᠨ ᠵᠤᠵᠠᠭᠠᠨ᠂ | ᠬᠥᠭᠵᠢᠯᠲᠡ ᠶᠢᠨ ᠢᠷᠡᠭᠡᠳᠦᠶ ᠮᠠᠰᠢ ᠥᠷᠭᠡᠨ ᠠᠭᠤᠳᠠᠮ᠂ ᠲᠣᠰ ᠤᠳᠠᠭᠠᠨ ᠤ ᠵᠥᠪᠳᠡᠯᠴᠡᠬᠡᠷ ᠤᠨ ᠬᠤᠷᠠᠯ ᠢᠶᠠᠷ | ᠠᠵᠠ ᠲᠣᠬᠢᠶᠠᠯ ᠪᠣᠯᠭᠠᠨ᠂ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠤᠯᠠᠮ ᠨᠢᠭᠡ ᠠᠯᠬᠤᠮ | ᠴᠢᠩᠭᠠᠳᠬᠠᠵᠤ᠂ ᠳᠡᠭᠡᠳᠦ ᠨᠠᠷᠢᠯᠢᠭ ᠣᠷᠦ᠋ᠢᠯᠠᠭᠰᠠᠨ ᠡᠯᠧᠺᠲᠷᠣᠨ ᠮᠡᠳᠡᠭᠡ ᠵᠠᠩᠭᠢᠵᠢᠯᠲᠠ ᠶᠢᠨ | ᠦᠢᠯᠡᠳᠬᠦᠨ ᠤ ᠬᠥᠭᠵᠢᠯᠲᠡ ᠶᠢᠨ ᠲᠣᠭᠤᠷᠢᠨ ᠳᠤ᠂ ᠬᠠᠮᠲᠤᠷᠠᠯᠴᠠᠭᠠᠨ ᠤ ᠬᠦᠷᠢᠶ᠎ᠡ ᠪᠠᠨ | ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠴᠢᠳᠠᠪᠤᠷᠢᠲᠠᠨ ᠤ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ | ᠠᠵᠤ ᠦᠢᠯᠡᠰ ᠤᠨ ᠲᠦᠷᠭᠡᠨ ᠪᠥᠭᠡᠳ ᠴᠢᠨᠠᠷ ᠰᠠᠶᠢᠲᠠᠶ ᠬᠥᠭᠵᠢᠯᠲᠡ ᠶᠢ ᠬᠠᠮᠲᠤᠪᠠᠷ ᠳᠥᠯᠭᠢᠨ | ᠠᠬᠢᠭᠤᠯᠬᠤ ᠶᠢ ᠬᠦᠰᠡᠵᠦ ᠪᠠᠶᠢᠨ᠎ᠠ᠃ ᠡᠭᠦᠨ ᠤ ᠵᠡᠷᠭᠡ ᠳᠤ ᠬᠤᠯᠪᠣᠭᠳᠠᠯ ᠪᠦᠭᠦᠢ ᠰᠠᠯᠠᠭ᠎ᠠ ᠮᠥᠴᠢᠷ ᠤᠨ ᠬᠢᠨ | ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠭᠠᠷ ᠬᠤᠯᠪᠣᠯᠴᠠᠨ ᠬᠥᠭᠵᠢᠬᠦ᠂ ᠬᠠᠷᠢᠯᠴᠠᠨ ᠠᠰᠢᠭ ᠣᠯᠭᠤᠵᠤ | ᠬᠠᠮᠲᠤ ᠪᠠᠷ ᠠᠰᠢᠭ ᠬᠦᠷᠳᠡᠬᠦ ᠶᠢ ᠡᠷᠲᠡᠬᠡᠨ ᠪᠡᠶᠡᠯᠡᠭᠦᠯᠵᠦ᠂ ᠪᠦᠭᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠱᠠᠭᠠᠷᠳᠠᠵᠠᠶ᠃ | ᠣᠶᠢᠯᠠᠭᠠᠭᠰᠠᠨ ᠢᠶᠠᠷ᠂ ᠵᠦᠩ ᠱᠧᠩ ᠲᠠᠢ ᠺᠧ ᠤᠶᠤᠨᠲᠤ ᠮᠡᠷᠭᠡᠵᠢᠯ ᠤᠨ ᠬᠢᠵᠠᠭᠠᠷᠲᠤ ᠺᠣᠮᠫᠠᠨᠢ 2018 | ᠣᠨ ᠳᠤ ᠪᠠᠶᠢᠭᠤᠯᠤᠭᠳᠠᠵᠤ᠂ ᠭᠦᠢᠵᠧᠦ ᠮᠤᠵᠢ ᠶᠢᠨ ᠭᠦᠢᠶᠠᠩ ᠬᠤᠳᠠ ᠳᠤ ᠪᠠᠶᠢᠷᠢᠯᠠᠵᠤ᠂ ᠺᠣᠮᠫᠢᠦ᠋ᠲ᠋ᠧᠷ᠂ ᠴᠢᠮᠡᠭᠡ | ᠬᠤᠯᠪᠣᠭ᠎ᠠ ᠪᠣᠯᠤᠨ ᠪᠤᠰᠤᠳ ᠡᠯᠧᠺᠲᠷᠣᠨ ᠲᠥᠬᠦᠭᠡᠷᠦᠮᠵᠢ ᠦᠢᠯᠡᠳᠬᠦ ᠦᠢᠯᠡᠰ ᠢᠶᠠᠷ ᠭᠤᠣᠯ ᠪᠣᠯᠭᠠᠭᠰᠠᠨ ᠠᠵᠤ | ᠠᠬᠤᠶᠢᠯᠠᠯ ᠪᠣᠯᠤᠨ᠎ᠠ᠃ ᠵᠦᠩ ᠱᠧᠩ ᠲᠠᠢ ᠺᠧ LED ᠳ᠋ᠧᠩ ᠤᠨ ᠰᠤᠪᠤᠳ᠂ ᠳᠠᠷᠤᠪᠴᠢ ᠶᠢᠨ ᠬᠠᠶᠢᠯᠤᠰᠢᠨ | ᠰᠢᠷᠬᠡᠭ ᠤᠨ ᠰᠢᠨ᠎ᠡ ᠮᠠᠲ᠋ᠧᠷᠢᠶᠠᠯ᠂ LED ᠴᠠᠬᠢᠮ ᠵᠢᠴᠢ ᠬᠠᠭᠠᠰ ᠳᠠᠮᠵᠢᠭᠤᠯᠤᠭᠴᠢ᠂ MEMS ︵ᠪᠢᠴᠢᠯ | ᠮᠠᠰᠢᠨ ᠴᠠᠬᠢᠯᠭᠠᠨ ᠤ ᠰᠢᠰᠲ᠋ᠧᠮ︶ ᠤᠨ ᠳᠠᠭᠤᠨ ᠤ ᠤᠬᠠᠭᠠᠨ ᠤ ᠴᠠᠬᠢᠮ ᠵᠡᠷᠭᠡ ᠳᠡᠭᠡᠳᠦ ᠨᠠᠷᠢᠯᠢᠭ ᠦᠵᠦᠭᠦᠷᠲᠦ | ᠡᠯᠧᠺᠲᠷᠣᠨ ᠮᠡᠳᠡᠭᠡ ᠵᠠᠩᠭᠢᠵᠢᠯᠲᠠ ᠶᠢᠨ ᠦᠢᠯᠡᠳᠬᠦᠨ ᠢ ᠦᠢᠯᠡᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠪᠡ᠃ | |