9 ᠰᠠᠷ᠎ᠠ ᠶᠢᠨ 13 ᠤ ᠡᠳᠦᠷ᠂ ᠠᠤᠬᠠᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠦᠩ | ᠵᠢᠶᠦ᠋ᠨ ᠨᠠᠮ ᠵᠠᠰᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠢ ᠳᠠᠭᠠᠭᠤᠯᠤᠨ ᠬᠠᠷᠠᠴᠢᠨ | ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ | ᠹᠠᠩ ᠷᠦᠢ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠡᠷᠬᠢᠯᠡᠭᠴᠢ ᠮᠠ ᠵᠢᠩ ᠬᠤᠸᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠪᠠᠶᠢᠩᠭᠤ ᠶᠢᠨ ᠳᠡᠳ᠋ ᠳᠠᠷᠤᠭ᠎ᠠ ᠮᠠ ᠶᠦᠩ ᠭᠠᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠯᠢ ᠭᠤᠸᠠᠩ ᠵᠢᠶᠦ᠋ᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ | ᠃ | ᠸᠠᠩ ᠶᠦᠩ ᠵᠢᠶᠦ᠋ᠨ ᠤᠷᠢᠳ ᠬᠤᠵᠢᠳ ᠾᠧ ᠮᠧᠢ ᠠᠵᠤ ᠦᠢᠯᠡᠳᠪᠦᠷᠢ ᠠᠷᠠᠯᠵᠢᠶᠠᠨ ᠤ | ᠬᠦᠷᠢᠶᠡᠯᠡᠩ ᠲᠣᠭᠤᠷᠢᠭ ᠤᠨ ᠾᠧ ᠰᠢᠸ᠋ ᠬᠥᠭᠦᠷᠭᠡ᠂ ᠾᠧ ᠮᠧᠢ ᠠᠵᠤ ᠦᠢᠯᠡᠳᠪᠦᠷᠢ | ᠠᠷᠠᠯᠵᠢᠶᠠᠨ ᠤ ᠬᠦᠷᠢᠶᠡᠯᠡᠩ ᠤᠨ ᠳ᠋ᠠ ᠵᠸᠤ · ᠷᠦᠩ ᠵᠢᠨ ᠰᠢᠨ᠎ᠡ ᠶᠢ ᠡᠭᠦᠳᠦᠭᠴᠢ ᠶᠢᠨ | ᠠᠵᠤ ᠦᠢᠯᠡᠰ ᠤᠨ ᠬᠦᠷᠢᠶᠡᠯᠡᠩ ᠳᠤ ᠬᠦᠷᠴᠡᠢ᠃ ᠥᠪᠥᠷ ᠮᠣᠩᠭᠤᠯ ᠤᠨ ᠬᠢᠲᠠᠳ ᠡᠮ ᠤᠨ ᠮᠠᠲ᠋ᠧᠷᠢᠶᠠᠯ ︵ᠮᠣᠩᠭᠤᠯ | ᠡᠮ ᠤᠨ ᠮᠠᠲ᠋ᠧᠷᠢᠶᠠᠯ︶ ᠤᠨ ᠪᠠᠷᠢᠮᠵᠢᠶᠠᠵᠢᠭᠰᠠᠨ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ᠂ | ᠤᠯᠠᠭᠠᠨᠬᠠᠳᠠ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ᠂ ᠤᠯᠠᠭᠠᠨᠬᠠᠳᠠ ᠶᠢᠨ ᠰᠢᠨ᠎ᠡ | ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ᠂ ᠤᠯᠠᠭᠠᠨᠬᠠᠳᠠ ᠶᠢᠨ ᠬᠤᠩ ᠹᠦ᠋ | ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠵᠢᠨᠱᠠᠨ ᠪᠠᠯᠭᠠᠰᠤ ᠶᠢᠨ ᠢᠦᠢ ᠯᠦᠩ | ᠴᠤᠸᠠᠨ ᠤ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ᠂ ᠮᠠ ᠠᠨ ᠱᠠᠨ ᠰᠣᠶᠣᠯ ᠵᠤᠭᠠᠴᠠᠯ ᠤᠨ ᠰᠤᠷᠭᠠᠨ | ᠬᠥᠮᠦᠵᠢᠯ ᠤᠨ ᠰᠤᠳᠤᠯᠭᠠᠨ ᠤ ᠰᠠᠭᠤᠷᠢᠨ ᠭᠠᠵᠠᠷ᠂ ᠥᠪᠥᠷ ᠮᠣᠩᠭᠤᠯ ᠤᠨ ᠵᠢᠦ ᠮᠦ᠋ ᠾᠧ | ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠸᠠᠩ ᠤᠨ | ᠣᠷᠳᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ᠂ ᠮᠠᠶᠢᠷᠠᠨ | ᠪᠠᠯᠭᠠᠰᠤ ᠶᠢᠨ ᠲᠠᠢ ᠫᠢᠩ ᠵᠤᠸᠠᠩ ᠲᠣᠰᠬᠤᠨ ᠵᠡᠷᠭᠡ ᠭᠠᠵᠠᠷ ᠲᠤ ᠮᠠᠨ ᠤ ᠬᠤᠰᠢᠭᠤᠨ ᠤ ᠭᠤᠤᠯᠳᠠᠯᠭ᠎ᠠ ᠲᠠᠢ ᠲᠥᠷᠥᠯ | ᠵᠦᠢᠯ ᠂ ᠠᠵᠤ ᠦᠢᠯᠡᠰ ᠤᠨ ᠬᠡᠯᠬᠢᠶ᠎ᠡ ᠶᠢᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠪᠠᠷ ᠬᠢ | ᠣᠳᠣᠬᠢ ᠪᠠᠶᠢᠳᠠᠯ᠂ ᠲᠤᠷᠰᠢᠯᠭ᠎ᠠ ᠪᠠ ᠦᠷ᠎ᠡ ᠪᠦᠲᠦᠮᠵᠢ ᠶᠢ ᠨᠠᠷᠢᠨ ᠣᠶᠢᠯᠠᠭᠠᠵᠤ᠂ ᠬᠤᠶᠠᠷ ᠲᠠᠯ᠎ᠠ ᠪᠠᠷ ᠢᠶᠠᠨ | ᠰᠢᠶᠠᠨ ᠤ ᠬᠡᠪᠴᠢᠶᠡᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠡᠷᠬᠢᠨ ᠠᠬᠢᠭᠤᠯᠬᠤ ᠲᠤᠬᠠᠶ | ᠭᠦᠨᠵᠡᠭᠡᠶ ᠰᠤᠯᠢᠯᠴᠠᠵᠤ ᠰᠤᠳᠤᠯᠤᠨ ᠶᠠᠷᠢᠯᠴᠠᠪᠠ᠃ | ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠮᠠᠨ ᠤ ᠬᠤᠰᠢᠭᠤᠨ ᠤ ᠬᠤᠲᠠ ᠶᠢᠨ ᠶᠠᠪᠤᠳᠠᠯ ᠤᠨ ᠢᠨᠵᠧᠨᠧᠷᠢᠩ᠂ | ᠬᠥᠳᠡᠭᠡ ᠲᠣᠰᠬᠤᠨ ᠤ ᠵᠤᠭᠠᠴᠠᠯ᠂ ᠰᠣᠶᠣᠯ ᠵᠤᠭᠠᠴᠠᠯ ᠤᠨ ᠠᠭᠤᠰᠤᠯᠴᠠᠯ᠂ ᠠᠵᠤ ᠦᠢᠯᠡᠰ ᠤᠨ ᠬᠥᠭᠵᠢᠯᠲᠡ᠂ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠤ᠂ | ᠮᠠᠨ ᠤ ᠬᠤᠰᠢᠭᠤᠨ ᠤ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠵᠠᠮᠨᠠᠬᠤ | ᠲᠠᠯ᠎ᠠ ᠪᠠᠷ ᠬᠢ ᠰᠡᠳᠬᠢᠴᠡ ᠪᠠ ᠠᠷᠭ᠎ᠠ ᠬᠢᠳᠡᠯ ᠢ ᠳᠡᠭᠡᠳᠦ ᠬᠡᠮᠵᠢᠶ᠎ᠡ ᠪᠠᠷ ᠦᠨᠡᠯᠡᠬᠦ ᠶᠢᠨ ᠬᠠᠮᠲᠤ ᠲᠣᠰ ᠤᠳᠠᠭᠠᠨ ᠤ | ᠰᠢᠨᠵᠢᠯᠡᠨ ᠪᠠᠶᠢᠴᠠᠭᠠᠵᠤ ᠰᠤᠷᠤᠯᠴᠠᠬᠤ ᠪᠠᠷ ᠳᠡᠮᠵᠢᠨ᠂ ᠬᠠᠷᠠᠭ᠎ᠠ ᠪᠠᠨ ᠥᠷᠭᠡᠳᠬᠡᠭᠰᠡᠨ ᠢᠶᠠᠷ ᠪᠠᠷᠠᠬᠤ ᠥᠬᠡᠶ | ᠰᠡᠳᠬᠢᠴᠡ ᠪᠠᠨ ᠴᠦ ᠥᠷᠭᠡᠳᠬᠡᠵᠦ᠂ ᠬᠤᠶᠢᠰᠢᠳᠠ ᠲᠣᠰ ᠤᠳᠠᠭᠠᠨ ᠤ ᠰᠢᠨᠵᠢᠯᠡᠨ ᠪᠠᠶᠢᠴᠠᠭᠠᠵᠤ ᠣᠯᠤᠭᠰᠠᠨ ᠰᠠᠶᠢᠨ | ᠲᠤᠷᠰᠢᠯᠭ᠎ᠠ᠂ ᠰᠠᠶᠢᠨ ᠠᠷᠭ᠎ᠠ ᠬᠢᠳᠡᠯ ᠢᠶᠠᠷ ᠲᠣᠯᠢ ᠪᠣᠯᠭᠠᠵᠤ᠂ ᠡᠯ᠎ᠡ ᠵᠦᠢᠯ ᠤᠨ ᠠᠵᠢᠯ ᠢᠶᠠᠨ ᠳᠠᠬᠢᠨ | ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ ᠭᠡᠵᠦ ᠢᠯᠡᠷᠬᠡᠶᠢᠯᠡᠪᠡ᠃ | ᠹᠠᠩ ᠷᠦᠢ ᠬᠤᠶᠠᠷ ᠭᠠᠵᠠᠷ ᠤᠨ ᠬᠢᠨ ᠪᠠᠶᠢᠩᠭᠤ ᠶᠢᠨ ᠬᠠᠷᠢᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ | ᠢᠯᠡᠭᠦᠬᠡᠨ ᠨᠡᠪᠲᠡᠷᠡᠯᠴᠡᠵᠦ᠂ ᠢᠯᠡᠭᠦᠬᠡᠨ ᠰᠣᠯᠢᠯᠴᠠᠵᠤ᠂ ᠢᠯᠡᠭᠦᠬᠡᠨ ᠰᠤᠳᠤᠯᠤᠨ ᠶᠠᠷᠢᠯᠴᠠᠵᠤ᠂ ᠬᠠᠮᠲᠤᠪᠠᠷ | ᠰᠤᠷᠤᠯᠴᠠᠵᠤ᠂ ᠬᠠᠮᠲᠤᠪᠠᠷ ᠲᠠᠪᠰᠢᠵᠤ᠂ ᠬᠤᠶᠠᠷ ᠭᠠᠵᠠᠷ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠨᠡᠩ ᠰᠠᠶᠢᠲᠤᠷ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | |