ᠬᠤᠰᠢᠭᠤᠨ ᠳᠠᠷᠤᠭ᠎ᠠ ᠵᠣᠣ ᠶᠠᠨ ᠬᠤᠩ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ 2023 ᠣᠨ ᠤ 9 ᠳ᠋ᠦᠭᠡᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/19
     9 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ 2023 ᠣᠨ ᠤ 9 ᠳ᠋ᠦᠭᠡᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠮᠠ ᠶᠦᠩ ᠭᠠᠩ᠂ ᠳᠡᠳ᠋ ᠬᠤᠰᠢᠭᠤᠨ ᠳᠠᠷᠤᠭ᠎ᠠ ᠪᠢᠴᠢᠭᠲᠦ ᠂ ᠸᠠᠩ ᠯᠢ ᠭᠦᠸᠧ᠂ ᠰᠢᠶ᠋ᠸ ᠶᠦᠨ ᠰᠥᠩ᠂ ᠢ ᠰᠢᠤ ᠴᠢᠤᠸᠠᠨ᠂ ᠵᠤᠸᠠᠩ ᠸᠧᠨ ᠳ᠋ᠢ᠂ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠵᠢᠴᠢ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤ ᠰᠧᠴᠤᠸᠠᠨ ᠤ ᠯᠢᠶᠠᠩᠱᠠᠨ ᠵᠧᠦ ᠶᠢᠨ ᠵᠢᠨᠶᠠᠩ ᠰᠢᠶᠠᠨ ᠤ ᠠᠭᠤᠯᠠᠨ ᠦᠶᠡᠷ ᠤᠨ ᠭᠠᠮᠰᠢᠭ ᠤᠨ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ︔ ᠲᠥᠷᠥ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠠᠯᠠᠱᠠ ᠶᠢᠨ ᠰᠢᠨ ᠵᠢᠩ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠵᠠᠳᠠᠭᠠᠶ ᠨᠡᠭᠦᠷᠡᠰᠦᠨ ᠠᠭᠤᠷᠬᠠᠶ ᠶᠢᠨ ︽2 · 22 ︾ ᠤᠨ ᠣᠨᠴᠠ ᠬᠦᠨᠳᠦ ᠶᠡᠭᠡ ᠨᠤᠷᠠᠵᠤ ᠶᠡᠭᠦᠷᠡᠭᠰᠡᠨ ᠠᠳᠡᠯ ᠤᠨ ᠲᠤᠬᠠᠶ ᠪᠠᠶᠢᠴᠠᠭᠠᠯᠲᠠ ᠶᠢᠨ ᠮᠡᠳᠡᠭᠦᠯᠦᠯᠲᠡ ᠵᠢᠴᠢ ᠬᠤᠯᠪᠣᠭᠳᠠᠯ ᠪᠥᠬᠦᠶ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠳᠠᠯ ᠢ ᠵᠠᠷᠯᠠᠨ ᠮᠡᠳᠡᠭᠳᠡᠪᠡ︔ ᠥᠪᠡᠷᠲᠡᠭᠡᠨ ᠵᠠᠰᠠᠬᠤ ᠣᠷᠣᠨ ᠤ ᠰᠦᠨ ᠱᠤᠤ ᠹᠧᠩ ᠱᠦᠵᠢ᠂ ᠸᠠᠩ ᠯᠢ ᠰᠢᠶᠠ ᠶᠢᠨ ᠬᠠᠩᠭᠢᠨ ᠬᠤᠰᠢᠭᠤᠨ ᠤ ᠥᠨᠳᠥᠷ ᠳᠠᠷᠤᠯᠲᠠᠲᠤ ᠬᠡᠢ ᠪᠡᠶᠡᠲᠦ ᠰᠦᠷᠴᠢᠨ ᠭᠠᠷᠤᠭᠰᠠᠨ ᠠᠳᠡᠯ ᠳᠤ ᠬᠢᠭᠰᠡᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠣᠶᠢᠷ᠎ᠠ ᠶᠢᠨ ᠬᠤᠭᠤᠴᠠᠭᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠪᠡ︔ ᠾᠧᠨᠠᠨ ᠵᠡᠭᠡᠯᠢ ᠭᠤᠳᠤᠮᠵᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠰᠢᠶᠠᠩ ᠪᠠᠯᠭᠠᠰᠤ ᠵᠢᠴᠢ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠲᠥᠯᠥᠭᠡᠯᠡᠭᠴᠢ ᠦᠭᠡ ᠬᠡᠯᠡᠪᠡ︔ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠳᠡᠳ᠋ ᠡᠷᠬᠢᠯᠡᠭᠴᠢ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃     ᠬᠤᠷᠠᠯ ᠠᠴᠠ᠂ ᠣᠳᠣᠬᠠᠨ ᠤ ᠠᠵᠢᠯ ᠤᠨ ᠪᠠᠶᠢᠳᠠᠯ ᠤᠨ ᠬᠦᠨᠳᠦ ᠨᠣᠴᠢᠲᠠᠢ ᠴᠢᠨᠠᠷ᠂ ᠨᠠᠷᠢᠨ ᠪᠤᠳᠤᠯᠢᠶᠠᠨᠲᠠᠢ ᠴᠢᠨᠠᠷ ᠢ ᠭᠦᠢᠴᠡᠳ ᠲᠠᠨᠢᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠦᠨᠳᠦ ᠡᠭᠦᠷᠭᠡ ᠶᠢ ᠰᠡᠳᠬᠢᠯ ᠳᠡᠭᠡᠨ ᠪᠤᠳᠤᠵᠤ᠂ ᠮᠥᠷᠥᠨ ᠳᠡᠭᠡᠨ ᠡᠭᠦᠷᠭᠡᠯᠡᠵᠦ᠂ ᠭᠠᠷ ᠲᠠᠭᠠᠨ ᠠᠳᠬᠤᠵᠤ᠂ ᠴᠠᠭ ᠢᠮᠠᠭᠲᠠ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ︔ ᠠᠵᠢᠯ ᠤᠨ ᠳᠤᠮᠳᠠᠬᠢ ᠳᠤᠲᠠᠭᠤᠳᠠᠯ ᠪᠠᠭᠤᠷᠠᠢ ᠲᠠᠯ᠎ᠠ ᠪᠣᠯᠤᠨ ᠵᠠᠩᠭᠢᠯᠠᠭ᠎ᠠ ᠶᠢᠨᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠷᠤᠢ ᠲᠦᠷᠭᠡᠨ ᠬᠥᠳᠡᠯᠦᠯᠴᠡᠵᠦ᠂ ᠳᠤᠲᠠᠭᠤ ᠶᠢ ᠪᠠᠶᠢᠴᠠᠭᠠᠨ ᠳᠤᠲᠠᠭᠤ ᠶᠢ ᠨᠥᠬᠦᠪᠥᠷᠢᠯᠡᠵᠦ᠂ ᠠᠭᠤᠷᠬᠠᠢ ᠶᠢᠨ ᠠᠮᠤᠷ ᠲᠦᠪᠰᠢᠨ᠂ ᠬᠤᠳᠠ ᠪᠠᠯᠭᠠᠰᠤᠨ ᠤ ᠰᠢᠲᠠᠮᠠᠬᠠᠢ ᠬᠡᠢ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ ᠵᠡᠷᠭᠡ ᠠᠳᠡᠯ ᠠᠮᠠᠷᠬᠠᠨ ᠭᠠᠷᠬᠤ᠂ ᠤᠯᠠᠨ ᠡᠭᠦᠰᠬᠦ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ︔ ᠰᠤᠷᠭᠠᠭᠤᠯᠢ᠂ ᠵᠣᠴᠢᠳ ᠤᠨ ᠪᠠᠭᠤᠳᠠᠯ᠂ ᠵᠤᠭᠠᠴᠠᠯ ᠦᠵᠡᠮᠵᠢ ᠶᠢᠨ ᠣᠷᠣᠨ ᠵᠡᠷᠭᠡ ᠬᠥᠮᠦᠨ ᠤᠯᠠᠨ ᠴᠤᠭᠯᠠᠷᠠᠳᠠᠭ ᠲᠠᠯᠠᠪᠤᠷ ᠲᠤ ᠠᠩᠬᠠᠷᠤᠯ ᠢᠶᠠᠨ ᠲᠥᠪᠯᠡᠷᠡᠭᠦᠯᠦᠨ ᠪᠠᠶᠢᠩᠭᠤ ᠶᠢᠨ ᠪᠠᠶᠢᠴᠠᠭᠠᠯᠲᠠ ᠥᠷᠨᠢᠭᠦᠯᠵᠦ᠂ ᠠᠮᠤᠷ ᠲᠦᠪᠰᠢᠨ ᠤ ᠭᠡᠮ ᠰᠣᠭᠤᠭ ᠢ ᠪᠠᠶᠢᠴᠠᠭᠠᠬᠤ ︽ᠡᠷᠬᠢᠨ ᠬᠠᠷᠠᠬᠤ︾ ᠠᠵᠢᠯ ᠢ ᠴᠠᠭ ᠲᠤᠬᠠᠢ ᠳᠤᠨᠢ ᠥᠷᠨᠢᠭᠦᠯᠵᠦ᠂ ᠡᠯ᠎ᠡ ᠵᠦᠢᠯ ᠤᠨ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ︔ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠵᠡᠷᠭᠡ ᠭᠤᠤᠯ ᠰᠡᠳᠦᠪᠲᠦ ᠠᠵᠢᠯᠯᠠᠭ᠎ᠠ ᠲᠠᠢ ᠤᠶᠠᠯᠳᠤᠭᠤᠯᠤᠨ᠂ ᠵᠠᠰᠠᠭ ᠤᠨ ᠣᠷᠳᠣᠨ ᠤ ᠰᠦᠯᠵᠢᠶ᠎ᠡ᠂ ᠬᠠᠷᠠᠴᠢᠨ ᠬᠤᠰᠢᠭᠤᠨ ᠤ ᠬᠠᠮ ᠵᠠᠭᠤᠴᠢᠯᠠᠭᠤᠷ᠂ ᠸᠢᠴᠠᠲ ᠤᠨ ᠪᠦᠯᠦᠭᠯᠡᠯ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠶᠢ ᠭᠦᠢᠴᠡᠳ ᠠᠰᠢᠭᠯᠠᠨ ᠠᠶᠤᠯᠭᠦᠶ ᠦᠢᠯᠡᠳᠪᠦᠷᠢᠯᠡᠯ ᠤᠨ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠠᠷᠠᠳ ᠣᠯᠠᠨ ᠤ ᠠᠮᠤᠷ ᠲᠦᠪᠰᠢᠨ ᠤ ᠬᠡᠪ ᠴᠢᠨᠠᠷ ᠪᠠ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠦᠨ᠂ ︽ᠴᠠᠭ ᠢᠮᠠᠭᠲᠠ ᠠᠮᠤᠷ ᠲᠦᠪᠰᠢᠨ ᠢ ᠡᠷᠬᠢᠮᠯᠡᠬᠦ᠂ ᠶᠠᠪᠤᠳᠠᠯ ᠪᠣᠯᠭᠠᠨ ᠳᠤ ᠠᠮᠤᠷ ᠲᠦᠪᠰᠢᠨ ᠢ ᠡᠷᠬᠢᠮᠯᠡᠬᠦ᠂ ᠭᠠᠵᠠᠷ ᠪᠣᠯᠭᠠᠨ ᠳᠤ ᠠᠮᠤᠷ ᠲᠦᠪᠰᠢᠨ ᠢ ᠡᠷᠬᠢᠮᠯᠡᠬᠦ︾ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠶ᠃     ᠬᠤᠷᠠᠯ ᠳᠡᠭᠡᠷ᠎ᠡ ᠪᠠᠰᠠ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠵᠢᠵᠢᠭᠦᠷᠯᠡᠨ ᠰᠠᠬᠢᠬᠤ ᠵᠡᠷᠭᠡ ᠬᠦᠷᠢᠶᠡᠨ ᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号