ᠹᠠᠩ ᠷᠦᠢ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠬᠤᠲᠠ ᠶᠢᠨ ᠨᠠᠮ ᠤᠨ ᠬᠤᠷᠢᠶ᠎ᠠ ᠶᠢᠨ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠢᠷᠢᠯᠠᠭᠤᠯᠪᠠ
ᠨᠡᠶᠢᠲᠡᠯᠡᠭᠰᠡᠨ ᠴᠠᠭ᠄
2023/9/19
     9 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠠᠷᠪᠠᠨ ᠵᠢᠷᠭᠤᠳᠤᠭᠠᠷ ᠬᠤᠭᠤᠴᠠᠭᠠᠨ ᠤ 43 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠡᠷ ᠲᠡᠭᠡᠨ ᠪᠠᠶᠢᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠮᠠ ᠵᠢᠩ ᠬᠤᠸᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠬᠤᠸᠠ᠂ ᠳᠡᠳ᠋ ᠬᠤᠰᠢᠭᠤᠨ ᠳᠠᠷᠤᠭ᠎ᠠ ᠪᠢᠴᠢᠭᠲᠦ᠂ ᠸᠠᠩ ᠯᠢ ᠭᠦᠸᠧ᠂ ᠢ ᠰᠢᠤ ᠴᠢᠤᠸᠠᠨ᠂ ᠵᠤᠸᠠᠩ ᠸᠧᠨ ᠳ᠋ᠢ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠰᠤᠯᠠ ᠣᠷᠣᠯᠴᠠᠵᠠᠶ᠃     ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠳᠤ ᠠᠵᠢᠯ ᠤᠨ ᠬᠠᠷᠢᠭᠤ ᠮᠡᠳᠡᠭᠦᠯᠦᠯᠲᠡ ᠰᠣᠨᠣᠰᠬᠤ ᠪᠠ ᠬᠠᠷᠠᠮᠥ᠋ᠷᠡᠨ ᠮᠤᠵᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠪᠦᠯᠦᠭ ᠤᠨ ᠳ᠋ᠦᠩᠨᠡᠯᠲᠡ ᠵᠢᠴᠢ ᠬᠤᠶᠠᠳᠤᠭᠠᠷ ᠪᠦᠯᠦᠭ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ 9 ᠰᠠᠷ᠎ᠠ ᠶᠢᠨ 10 ᠤ ᠡᠳᠦᠷ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠨ ᠴᠤᠤ ᠴᠢ ᠶᠢᠨ ᠬᠥᠳᠡᠭᠡ ᠲᠣᠰᠬᠤᠨ ᠤ ᠪᠠᠭᠰᠢ ᠶᠢ ᠪᠣᠯᠭᠤᠭᠠᠨ ᠲᠣᠬᠤᠨᠢᠭᠤᠯᠬᠤ᠂ ᠠᠵᠤ ᠦᠢᠯᠡᠰ ᠤᠨ ᠬᠥᠭᠵᠢᠯᠲᠡ ᠪᠠ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠬᠤ ᠦᠶ᠎ᠡ ᠶᠢᠨ ᠶᠠᠷᠢᠶ᠎ᠠ ᠵᠢᠭᠠᠪᠤᠷᠢ ᠶᠢᠨ ᠵᠣᠷᠢᠭ ᠰᠠᠨᠠᠭ᠎ᠠ ᠪᠠ ᠪᠥᠬᠦ ᠬᠤᠲᠠ ᠶᠢᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠰᠢᠭᠤᠨ ᠤ ᠣᠷᠣᠨ ᠨᠤᠲᠤᠭ ᠤᠨ ᠥᠷᠢ ᠰᠢᠷᠢ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠴᠢᠬᠤᠯᠠ ᠠᠵᠢᠯ ᠢ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠳᠤ ᠦᠢᠯᠡᠴᠢᠯᠡᠬᠦ ᠪᠠ ᠠᠭᠤᠰᠤᠯᠴᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠪᠦᠲᠦᠴᠡ ᠶᠢᠨ ᠳᠤᠬᠢᠷᠠᠭᠤᠯᠤᠯᠳᠠ ᠶᠢ ᠢᠳᠡᠪᠬᠢᠲᠡᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠬᠢᠶ᠎ᠡ ᠶᠢ ᠳᠡᠭᠡᠳᠦ ᠳᠤᠤᠷᠠᠳᠤ ᠤᠷᠤᠰᠬᠠᠯ ᠲᠡᠰᠢ ᠤᠷᠲᠤᠳᠬᠠᠬᠤ ᠶᠢ ᠲᠦᠷᠭᠡᠨ ᠠᠬᠢᠭᠤᠯᠵᠤ᠂ ᠨᠡᠯᠢᠶᠡᠳ ᠲᠡᠭᠦᠯᠳᠡᠷᠵᠢᠭᠰᠡᠨ ᠠᠵᠤ ᠦᠢᠯᠡᠰ ᠤᠨ ᠬᠡᠯᠬᠢᠶ᠎ᠡ ᠪᠣᠯᠤᠨ ᠠᠵᠤ ᠦᠢᠯᠡᠰ ᠤᠨ ᠪᠦᠯᠦᠭᠵᠢᠯ ᠢ ᠪᠦᠷᠢᠯᠳᠦᠭᠦᠯᠬᠦ ᠬᠡᠷᠡᠭᠲᠡᠢ᠃ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠢᠯᠠᠩᠭᠤᠶ᠎ᠠ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠳᠥᠯᠭᠢᠨ ᠠᠬᠢᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠡᠷᠢᠭᠦᠨ ᠤ ᠦᠢᠯᠡᠳᠬᠦ ᠦᠢᠯᠡᠰ ᠂ ᠡᠯᠧᠺᠲᠷᠣᠨ ᠮᠡᠳᠡᠭᠡ ᠵᠠᠩᠭᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠨᠠᠩ ᠣᠯᠠᠨ ᠰᠢᠨ᠎ᠡ ᠠᠵᠤ ᠠᠬᠤᠶ ᠶᠢᠨ ᠨᠡᠮᠡᠭᠳᠡᠯ ᠤᠨ ᠲᠦᠢᠯ ᠢ ᠪᠣᠶ ᠪᠣᠯᠭᠠᠬᠤ ᠬᠡᠷᠡᠭᠲᠡᠶ᠃ ᠠᠮᠢ ᠠᠬᠤᠶ ᠶᠢᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠮᠠᠨ ᠤ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠪᠠ ᠠᠮᠢ ᠠᠬᠤᠶ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ ᠤᠨ ᠳᠠᠪᠠᠭᠤᠯᠢᠭ ᠲᠤ ᠲᠦᠰᠢᠭᠯᠡᠨ᠂ ᠣᠶ ᠰᠢᠭᠤᠶ ᠶᠢᠨ ᠠᠵᠤ ᠠᠬᠤᠶ᠂ ᠮᠥᠰᠥ ᠴᠠᠰᠤᠨ ᠤ ᠠᠵᠤ ᠠᠬᠤᠶ ᠪᠠ ᠬᠠᠯᠠᠭᠤᠨ ᠷᠠᠰᠢᠶᠠᠨ ᠤ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠠᠮᠢ ᠠᠬᠤᠶ ᠶᠢᠨ ᠳᠠᠪᠠᠭᠤᠯᠢᠭ ᠢ ᠠᠵᠤ ᠠᠬᠤᠶ ᠶᠢᠨ ᠳᠠᠪᠠᠭᠤᠯᠢᠭ ᠳᠠᠰᠢ ᠬᠤᠪᠢᠷᠠᠭᠤᠯᠬᠤ ᠶᠢ ᠠᠬᠢᠭᠤᠯᠤᠨ᠎ᠠ᠃ ᠠᠮᠤ ᠪᠤᠳᠠᠭᠠᠨ ᠤ ᠠᠮᠤᠷ ᠲᠦᠪᠰᠢᠨ ᠭᠡᠬᠦ ᠡᠨᠡᠬᠦ ︽ᠤᠯᠤᠰ ᠤᠨ ᠲᠤᠮᠤ ᠬᠥᠮᠦᠨ︾ ᠢ ᠪᠠᠲᠤ ᠠᠳᠬᠤᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠬᠦᠷᠢᠶᠡᠯᠡᠩ ᠲᠣᠭᠤᠷᠢᠭ ᠢ ᠰᠠᠶᠢᠲᠤᠷ ᠪᠠᠶᠢᠭᠤᠯᠵᠤ ᠰᠠᠶᠢᠲᠤᠷ ᠬᠡᠷᠡᠭᠯᠡᠵᠦ ᠰᠠᠶᠢᠲᠤᠷ ᠬᠠᠮᠢᠶᠠᠷᠴᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠢᠳᠡᠪᠬᠢᠲᠡᠢ ᠲᠡᠮᠵᠢᠵᠤ᠂ ᠵᠣᠷᠢᠭᠵᠢᠭᠤᠯᠵᠤ᠂ ᠬᠦᠳᠦᠯᠦᠨ ᠵᠢᠯᠣᠭᠤᠳᠴᠤ᠂ ᠳᠠᠭᠠᠭᠠᠴᠢᠯᠠᠨ ᠬᠤᠯᠪᠣᠭᠠᠯᠠᠭᠰᠠᠨ ᠠᠵᠤ ᠠᠬᠤᠶᠢᠯᠠᠯ ᠢ ᠰᠤᠷᠪᠤᠯᠵᠢᠯᠠᠨ ᠪᠠᠶᠢᠴᠠᠭᠠᠨ ᠰᠤᠳᠤᠯᠬᠤ ᠶᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠵᠦᠢᠯ ᠤᠨ ᠲᠡᠳᠬᠦᠬᠦ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠵᠢᠭᠦᠯᠵᠦ᠂ ᠦᠢᠯᠡᠴᠢᠯᠡᠭᠡᠨ ᠤ ᠥᠨᠳᠦᠷᠯᠢᠭ᠂ ᠪᠡᠯᠡ ᠣᠷᠣᠭᠤᠯᠤᠯᠲᠠ ᠶᠢᠨ ᠬᠤᠲᠣᠭᠤᠷ ᠭᠠᠵᠠᠷ ᠢ ᠬᠦᠴᠦ ᠪᠠᠨ ᠬᠠᠮᠲᠤᠳᠬᠠᠨ ᠴᠣᠭᠴᠠᠯᠠᠬᠤ ᠬᠡᠷᠡᠭᠲᠡᠢ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号