ᠬᠠᠷᠠᠴᠢᠨ ᠬᠤᠰᠢᠭᠤᠨ ᠤ ᠵᠢᠭᠤᠯᠴᠢᠯᠠᠯ ᠤᠨ ᠡᠬᠢ ᠪᠠᠶᠠᠯᠢᠭ ᠤᠨ ᠣᠨᠴᠠ ᠵᠥᠪᠰᠢᠶᠡᠷᠡᠯᠳᠦ ᠡᠵᠡᠩᠨᠡᠯᠲᠡ ᠬᠠᠮᠢᠶᠠᠷᠤᠯᠲᠠ ᠶᠢᠨ ᠠᠷᠭ᠎ᠠ ᠶᠢᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/9/2
  ᠬᠠᠷᠠᠴᠢᠨ ᠬᠤᠰᠢᠭᠤᠨ ᠤ ᠵᠢᠭᠤᠯᠴᠢᠯᠠᠯ ᠤᠨ ᠡᠬᠢ ᠪᠠᠶᠠᠯᠢᠭ ᠤᠨ ᠣᠨᠴᠠ ᠵᠥᠪᠰᠢᠶᠡᠷᠡᠯᠳᠦ ᠡᠵᠡᠩᠨᠡᠯᠲᠡ ᠬᠠᠮᠢᠶᠠᠷᠤᠯᠲᠠ ᠶᠢᠨ ᠠᠷᠭ᠎ᠠ ᠶᠢᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ  ᠨᠢᠭᠡ᠂ ᠬᠠᠷᠠᠴᠢᠨ ᠬᠤᠰᠢᠭᠤᠨ ᠤ ᠵᠢᠭᠤᠯᠴᠢᠯᠠᠯ ᠤᠨ ᠡᠬᠢ ᠪᠠᠶᠠᠯᠢᠭ ᠤᠨ ᠣᠨᠴᠠ ᠵᠥᠪᠰᠢᠶᠡᠷᠡᠯ ᠤᠨ ᠡᠵᠡᠩᠨᠡᠯᠲᠡ ᠬᠠᠮᠢᠶᠠᠷᠤᠯᠲᠠ ᠶᠢᠨ ᠠᠷᠭ᠎ᠠ ︵ᠬᠦᠷᠭᠡᠨ ᠬᠢᠨᠠᠭᠤᠯᠬᠤ ᠲᠥᠰᠦᠯ︶ ᠶᠢᠨ ᠵᠣᠷᠢᠯᠭ᠎ᠠ ᠨᠢ ᠶᠠᠭᠤ ᠪᠣᠶ︖  ᠬᠠᠷᠠᠴᠢᠨ ᠬᠤᠰᠢᠭᠤᠨ ᠤ ᠵᠤᠭᠠᠴᠠᠯ ᠤᠨ ᠡᠬᠢ ᠪᠠᠶᠠᠯᠢᠭ ᠤᠨ ᠪᠡᠯᠡ ᠣᠷᠣᠭᠤᠯᠤᠯᠲᠠ ᠡᠵᠡᠩᠨᠡᠯᠲᠡ ᠶᠢᠨ ᠠᠵᠢᠯᠯᠠᠭ᠎ᠠ ᠶᠢ ᠳᠦᠷᠢᠮᠵᠢᠭᠦᠯᠬᠦ ᠶᠢᠨ ᠲᠥᠯᠥᠭᠡ᠂ ᠤᠯᠤᠰ ᠤᠨ ᠠᠰᠢᠭ ᠲᠤᠰᠠ᠂ ᠣᠯᠠᠨ ᠨᠡᠶᠢᠲᠡ ᠶᠢᠨ ᠠᠰᠢᠭ ᠲᠤᠰᠠ ᠵᠢᠴᠢ ᠦᠵᠡᠮᠵᠢ ᠶᠢᠨ ᠣᠷᠣᠨ ᠤ ᠳᠣᠲᠣᠷᠠᠬᠢ ᠲᠥᠷᠥᠯ ᠵᠦᠢᠯ ᠤᠨ ᠣᠨᠴᠠ ᠵᠥᠪᠰᠢᠶᠡᠷᠡᠯ ᠲᠠᠢ ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠦᠨᠳᠦᠰᠦ ᠪᠠᠷᠢᠮᠲᠠ ︽ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ ︾ ︽ᠰᠠᠭᠤᠷᠢ ᠪᠡᠯᠡᠳᠬᠡᠮᠵᠢ ᠪᠠ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠤᠷᠢ ᠪᠡᠯᠡᠳᠬᠡᠮᠵᠢ ᠪᠠ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠬᠠᠮᠢᠶᠠᠷᠤᠯᠲᠠ ᠶᠢᠨ ᠠᠷᠭ᠎ᠠ︾ ︽ᠦᠯᠡᠳᠡᠭᠡᠯ ᠡᠳ᠋ ᠬᠥᠷᠥᠩᠭᠡ ᠶᠢ ᠤᠯᠠᠮ ᠨᠢᠭᠡ ᠠᠯᠬᠤᠮ ᠴᠢᠯᠥᠭᠡᠲᠡᠶ ᠪᠣᠯᠭᠠᠵᠤ ᠪᠦᠲᠦᠮᠵᠢᠲᠡᠶ ᠪᠠᠯᠠ ᠣᠷᠣᠭᠤᠯᠤᠯᠲᠠ ᠶᠢ ᠥᠷᠭᠡᠳᠬᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ᠤᠨ ᠬᠠᠮᠢᠶ᠎ᠠ ᠪᠥᠬᠦᠶ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃  ᠬᠤᠶᠠᠷ᠂ ᠬᠠᠷᠠᠴᠢᠨ ᠬᠤᠰᠢᠭᠤᠨ ᠤ ᠵᠢᠭᠤᠯᠴᠢᠯᠠᠯ ᠤᠨ ᠡᠬᠢ ᠪᠠᠶᠠᠯᠢᠭ ᠤᠨ ᠣᠨᠴᠠ ᠵᠥᠪᠰᠢᠶᠡᠷᠡᠯ ᠤᠨ ᠡᠵᠡᠩᠨᠡᠯᠲᠡ ᠬᠠᠮᠢᠶᠠᠷᠤᠯᠲᠠ ᠶᠢᠨ ᠠᠷᠭ᠎ᠠ ︵ᠬᠦᠷᠭᠡᠨ ᠬᠢᠨᠠᠭᠤᠯᠬᠤ ᠲᠥᠰᠦᠯ︶ ᠶᠢᠨ ᠬᠠᠷᠠᠯᠲᠠ ᠡᠭᠦᠷᠭᠡ ᠨᠢ ᠶᠠᠭᠤ ᠪᠣᠶ︖  ︵ᠨᠢᠭᠡ︶ ᠣᠨᠴᠠ ᠵᠥᠪᠰᠢᠶᠡᠷᠡᠯ ᠤᠨ ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠡᠷᠬᠡ ᠳᠤ ᠬᠠᠯᠳᠠᠭᠰᠠᠨ ᠠᠵᠢᠯᠯᠠᠭ᠎ᠠ ᠶᠢ ᠬᠤᠷᠢᠭᠯᠠᠨ ᠵᠣᠭᠰᠣᠭᠠᠬᠤ ᠪᠠ ᠠᠷᠢᠯᠭᠠᠬᠤ ᠠᠵᠢᠯ ᠢ ᠵᠣᠬᠢᠴᠠᠭᠤᠯᠤᠨ ᠬᠠᠮᠵᠢᠯᠴᠠᠨ᠎ᠠ︔  ︵ᠬᠤᠶᠠᠷ︶ ᠣᠨᠴᠠ ᠵᠥᠪᠰᠢᠶᠡᠷᠡᠭᠰᠡᠨ ᠡᠵᠡᠩᠨᠡᠭᠴᠢ ᠶᠢᠨ ᠣᠨᠴᠠ ᠵᠥᠪᠰᠢᠶᠡᠷᠡᠭᠰᠡᠨ ᠡᠵᠡᠩᠨᠡᠯᠲᠡ ᠶᠢᠨ ᠬᠡᠪᠴᠢᠶᠡᠨ ᠳᠣᠲᠣᠷ᠎ᠠ ᠬᠠᠤᠯᠢ ᠶᠣᠰᠣᠭᠠᠷ ᠡᠵᠡᠩᠨᠡᠯᠲᠡ ᠶᠢᠨ ᠠᠵᠢᠯᠯᠠᠭ᠎ᠠ ᠬᠢᠬᠦ ᠶᠢ ᠵᠢᠯᠣᠭᠤᠳᠴᠤ᠂ ᠬᠠᠮᠢᠶᠠᠷᠴᠤ᠂ ᠲᠡᠭᠦᠨ ᠳᠤ ᠬᠢᠨᠠᠯᠲᠠ ᠲᠠᠯᠪᠢᠬᠤ ᠶᠢᠨ ᠬᠠᠮᠲᠤ ᠵᠢᠭᠤᠯᠴᠢᠯᠠᠯ ᠵᠡᠷᠭᠡ ᠠᠵᠢᠯ ᠲᠦᠷᠦᠯ ᠤᠨ ᠬᠠᠮᠢᠶᠠᠷᠤᠯᠲᠠ ᠶᠢᠨ ᠪᠠᠷᠢᠮᠵᠢᠶ᠎ᠠ ᠶᠣᠰᠣᠭᠠᠷ ᠴᠢᠨᠠᠷ ᠰᠠᠶᠢᠲᠠᠶ᠂ ᠲᠣᠭᠲᠠᠭᠤᠨ᠂ ᠤᠯᠠᠨ ᠲᠦᠮᠡᠨ ᠳᠤ ᠬᠠᠨᠳᠤᠭᠤᠯᠤᠭᠰᠠᠨ ᠦᠢᠯᠡᠴᠢᠯᠡᠭᠡ ᠬᠠᠩᠭᠠᠨ᠎ᠠ︔  ︵ᠭᠤᠷᠪᠠ︶ ᠣᠨᠴᠠ ᠵᠥᠪᠰᠢᠶᠡᠷᠡᠭᠰᠡᠨ ᠡᠵᠡᠩᠨᠡᠯᠲᠡ ᠶᠢ ᠭᠦᠢᠴᠡᠳᠬᠡᠭᠰᠡᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠯᠲᠡ ᠬᠢᠬᠦ︔  ︵ᠲᠦᠷᠪᠡ︶ ᠣᠨᠴᠠ ᠵᠥᠪᠰᠢᠶᠡᠷᠡᠭᠰᠡᠨ ᠡᠵᠡᠩᠨᠡᠭᠴᠢ ᠶᠢᠨ ᠲᠤᠬᠠᠶ ᠤᠯᠠᠨ ᠨᠡᠶᠢᠲᠡ ᠶᠢᠨ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ ︔      ︵ᠲᠠᠪᠤ︶ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠵᠤ᠂ ᠣᠯᠠᠨ ᠨᠡᠶᠢᠲᠡ ᠶᠢᠨ ᠠᠰᠢᠭ ᠲᠤᠰᠠ᠂ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ ᠪᠠᠴᠢᠮ ᠪᠠᠶᠢᠳᠠᠯ ᠭᠠᠷᠪᠠᠯ᠂ ᠪᠦᠲᠦᠮᠵᠢᠲᠡᠶ ᠠᠷᠭ᠎ᠠ ᠬᠡᠮᠵᠢᠶ᠎ᠡ ᠠᠪᠬᠤ ᠪᠤᠶᠤ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠲᠥᠷᠥᠯ ᠵᠦᠢᠯ ᠢ ᠲᠦᠷ ᠴᠠᠭ ᠭᠥᠯᠢᠶᠡᠨ ᠠᠪᠴᠤ ᠬᠠᠮᠢᠶᠠᠷᠤᠨ᠎ᠠ︔      ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠢᠮ ᠲᠣᠭᠲᠠᠭᠠᠯ ᠵᠡᠷᠭᠡ ᠳᠤ ᠲᠣᠭᠲᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号