ᠬᠤᠰᠢᠭᠤᠨ ᠳᠠᠷᠤᠭ᠎ᠠ ᠵᠣᠣ ᠶᠠᠨ ᠬᠤᠩ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠦᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠢ ᠠᠬᠢᠭᠤᠯᠬᠤ ᠲᠤᠰᠬᠠᠶ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/6
     9 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠦᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠢ ᠠᠬᠢᠭᠤᠯᠬᠤ ᠲᠤᠰᠬᠠᠶ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠦ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠱᠢ ᡁᠢ ᠯᠢᠶᠠᠩ ᠬᠤᠷᠠᠯ ᠳᠤ ᠣᠷᠣᠯᠴᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃     ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠰᠣᠶᠣᠯ ᠵᠢᠭᠤᠯᠴᠢᠯᠠᠯ ᠤᠨ ᠪᠡᠶ᠎ᠡ ᠶᠢᠨ ᠲᠠᠮᠢᠷ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠯᠡᠯ ᠤᠨ ᠬᠤᠰᠢᠭᠤᠨ ᠤ ᠬᠤᠷᠢᠶ᠎ᠠ᠂ ᠡᠳ᠋ ᠤᠨ ᠵᠠᠰᠠᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠣᠰ ᠲᠣᠰ ᠠᠵᠢᠯ ᠤᠨ ᠠᠬᠢᠴᠠ ᠶᠢᠨ ᠪᠠᠶᠢᠳᠠᠯ᠂ ᠣᠷᠣᠰᠢᠵᠤ ᠪᠠᠶᠢᠭ᠎ᠠ ᠬᠦᠴᠢᠷᠳᠡᠯ ᠪᠠ ᠲᠠᠷᠠᠭᠠᠴᠢ ᠶᠢᠨ ᠠᠯᠬᠤᠮ ᠤᠨ ᠲᠣᠬᠢᠷᠠᠭᠤᠯᠤᠯᠲᠠ ᠪᠠᠨ ᠬᠠᠷᠢᠭᠤ ᠮᠡᠳᠡᠭᠦᠯᠪᠡ︔ ᠱᠢ ᡁᠢ ᠯᠢᠶᠠᠩ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠦᠨ ᠤᠯᠠᠷᠢᠯ ᠤᠨ ᠲᠠᠮᠢᠷ ᠤᠨ ᠴᠤᠭᠯᠠᠭᠠᠨ ᠤ ᠳᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠡᠭᠦᠷᠭᠡ ᠶᠢᠨ ᠲᠤᠬᠠᠢ ᠪᠠᠶᠢᠷᠢᠯᠠᠭᠤᠯᠤᠯᠲᠠ ᠬᠢᠵᠡᠢ᠃     ᠵᠣᠣ ᠶᠠᠨ ᠬᠤᠩ ᠴᠢᠬᠤᠯᠠᠴᠢᠯᠠᠭᠰᠠᠨ ᠨᠢ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠦᠨ ᠤᠯᠠᠷᠢᠯ ᠤᠨ ᠲᠠᠮᠢᠷ ᠤᠨ ᠴᠤᠭᠯᠠᠭᠠᠨ ᠢ ᠰᠠᠶᠢᠲᠤᠷ ᠡᠷᠭᠢᠯᠡᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠳᠠᠭᠠᠭᠠᠯᠭᠠᠭᠰᠠᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠪᠠᠰᠠ ᠴᠤ ᠬᠠᠷᠠᠴᠢᠨ ᠢ ᠳᠡᠯᠭᠡᠨ ᠦᠵᠡᠭᠦᠯᠬᠦ᠂ ᠬᠠᠷᠠᠴᠢᠨ ᠢ ᠤᠬᠠᠭᠤᠯᠬᠤ ᠣᠯᠳᠠᠰᠢ ᠥᠬᠡᠶ ᠠᠵᠠ ᠲᠣᠬᠢᠶᠠᠯ ᠪᠠ ᠴᠢᠬᠤᠯᠠ ᠲᠠᠪᠴᠠᠩ ᠮᠥᠨ᠃ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠦᠨ ᠤᠯᠠᠷᠢᠯ ᠤᠨ ᠲᠠᠮᠢᠷ ᠤᠨ ᠴᠤᠭᠯᠠᠭᠠᠨ ᠢ ᠰᠠᠶᠢᠲᠤᠷ ᠪᠡᠯᠡᠳᠬᠡᠨ ᠡᠷᠬᠢᠯᠡᠬᠦ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠡᠯ᠎ᠡ ᠵᠦᠢᠯ ᠤᠨ ᠪᠡᠯᠡᠳᠬᠡᠯ ᠠᠵᠢᠯ ᠢ ᠪᠣᠳᠠᠲᠠᠢ ᠨᠠᠷᠢᠯᠢᠭ ᠰᠠᠶᠢᠲᠤᠷ ᠬᠢᠵᠦ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠦᠨ ᠤᠯᠠᠷᠢᠯ ᠤᠨ ᠲᠠᠮᠢᠷ ᠤᠨ ᠴᠤᠭᠯᠠᠭᠠᠨ ᠢ ᠥᠪᠡᠷᠮᠢᠴᠡ ᠣᠨᠴᠠᠯᠢᠭ ᠲᠠᠢ᠂ ᠥᠨᠳᠥᠷ ᠲᠦᠪᠰᠢᠨ ᠲᠠᠢ ᠴᠢᠨᠠᠷ ᠰᠠᠶᠢᠲᠠᠢ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠪᠣᠯᠭᠠᠨ ᠡᠷᠬᠢᠯᠡᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ᠵᠣᠣ ᠶᠠᠨ ᠬᠤᠩ ᠱᠠᠭᠠᠷᠳᠠᠭᠰᠠᠨ ᠨᠢ᠂ ᠵᠠᠩᠭᠢᠯᠠᠭ᠎ᠠ ᠶᠢᠨ ᠴᠠᠭ ᠢ ᠴᠢᠩᠭ᠎ᠠ ᠠᠩᠬᠠᠷᠴᠤ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠠᠵᠢᠯ ᠨᠢᠭᠡᠪᠦᠷᠢ ᠶᠢ ᠠᠳᠬᠤᠬᠤ ᠬᠥᠮᠦᠨ ᠲᠠᠢ᠂ ᠬᠠᠮᠢᠶᠠᠷᠬᠤ ᠬᠥᠮᠦᠨ ᠲᠠᠢ᠂ ᠨᠠᠶᠢᠳᠠᠪᠤᠷᠢᠵᠢᠭᠤᠯᠬᠤ ᠬᠥᠮᠦᠨ ᠲᠠᠢ ᠪᠠᠶᠢᠬᠤ ᠶᠢ ᠪᠠᠲᠤᠯᠠᠬᠤ ᠬᠡᠷᠡᠭᠲᠡᠶ︔ ᠬᠦᠯᠢᠶᠡᠨ ᠠᠪᠬᠤ ᠪᠠᠲᠤᠯᠠᠪᠤᠷᠢ ᠶᠢᠨ ᠠᠵᠢᠯ ᠢ ᠨᠠᠷᠢᠨ ᠨᠢᠮᠪᠠᠢ ᠲᠥᠯᠥᠪᠵᠢᠭᠦᠯᠵᠦ᠂ ᠨᠠᠷᠢᠨ ᠵᠦᠢᠯᠡᠰ ᠢ ᠨᠠᠷᠢᠯᠢᠭ ᠬᠢᠵᠦ᠂ ᠠᠯᠢᠪᠠ ᠦᠢᠯᠡᠴᠢᠯᠡᠭᠡ ᠶᠢ ᠨᠢᠭᠲᠠ ᠠᠴᠠ ᠨᠢᠭᠲᠠ ᠰᠠᠶᠢᠲᠤᠷ ᠬᠢᠬᠦ ᠬᠡᠷᠡᠭᠲᠡᠢ︔ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠭᠤᠭᠴᠤᠭ᠎ᠠ ᠪᠣᠯᠤᠨ ᠵᠠᠩᠭᠢᠯᠠᠭ᠎ᠠ ᠶᠢᠨ ᠬᠡᠰᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠤ ᠪᠠᠶᠢᠯᠳᠤᠭᠠᠨ ᠤ ᠰᠣᠷᠢᠯᠲᠠ ᠪᠣᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠴᠢᠩᠭᠠᠳᠬᠠᠵᠤ᠂ ᠠᠮᠤᠷ ᠲᠦᠪᠰᠢᠨ ᠤ ᠬᠠᠮᠠᠭᠠᠯᠠᠯᠲᠠ᠂ ᠡᠮ ᠡᠮᠨᠡᠯᠭᠡ ᠶᠢᠨ ᠠᠪᠤᠷᠠᠯᠲᠠ᠂ ᠲᠦᠷ ᠴᠠᠭ ᠤᠨ ᠴᠠᠬᠢᠯᠭᠠᠨ ᠬᠡᠷᠡᠭᠯᠡᠬᠦ ᠵᠡᠷᠭᠡ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ︔ ᠢᠳᠡᠭᠡᠨ ᠤ ᠠᠷᠢᠭᠤᠨ ᠴᠡᠪᠡᠷ ᠤᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠵᠢᠷᠤᠮᠵᠢᠯ ᠤᠨ ᠶᠠᠪᠤᠴᠠ ᠪᠣᠯᠤᠨ ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ᠂ ᠬᠢᠨᠠᠨ ᠡᠵᠡᠮᠳᠡᠵᠦ ᠪᠠᠶᠢᠴᠠᠭᠠᠬᠤ ᠶᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ︔ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠦᠨ ᠤᠯᠠᠷᠢᠯ ᠤᠨ ᠲᠠᠮᠢᠷ ᠤᠨ ᠴᠤᠭᠯᠠᠭᠠᠨ  ᠢ ᠪᠠᠶᠠᠷᠯᠠᠨ ᠤᠭᠲᠤᠬᠤ ᠭᠦᠨ ᠵᠤᠵᠠᠭᠠᠨ ᠠᠭᠤᠷ ᠠᠮᠢᠰᠬᠤᠯ ᠢ ᠦᠨᠡᠨᠬᠦ ᠪᠣᠶ ᠪᠣᠯᠭᠠᠵᠤ᠂ ᠬᠠᠷᠠᠴᠢᠨ ᠤ ᠨᠡᠷ᠎ᠡ ᠠᠯᠳᠠᠷ᠂ ᠨᠥᠯᠥᠭᠡᠯᠡᠬᠦ ᠬᠦᠴᠦᠨ ᠪᠠ ᠥᠷᠢᠰᠦᠯᠳᠦᠬᠦ ᠬᠦᠴᠦᠨ ᠢ ᠦᠷᠭᠦᠯᠵᠢᠯᠡᠨ ᠥᠷᠭᠡᠳᠬᠡᠵᠦ᠂ ᠨᠢᠭᠡ ᠤᠳᠠᠭᠠᠨ ᠤ ᠴᠢᠨᠠᠷ ᠰᠠᠶᠢᠲᠠᠶ ᠪᠡᠶ᠎ᠡ ᠶᠢᠨ ᠲᠠᠮᠢᠷ ᠤᠨ ᠤᠷᠤᠯᠳᠤᠭᠠᠨ ᠢ ᠬᠦᠴᠦ ᠪᠠᠨ ᠬᠠᠮᠲᠤᠳᠬᠠᠨ ᠡᠷᠭᠢᠯᠡᠬᠦ ᠬᠡᠷᠡᠭᠲᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号