ᠲᠤᠤ ᠮᠧᠩ ᠬᠤᠩ ᠨᠠᠨ ᠲᠠᠢᠽᠢ ᠰᠢᠶᠠᠩ ᠪᠣᠯᠤᠨ ᠪᠠᠭ᠎ᠠ ᠨᠡᠭᠦᠴᠡ ᠪᠠᠯᠭᠠᠰᠤᠨ ᠳᠤ ᠬᠦᠷᠴᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/1/19
  ᠲᠤᠤ ᠮᠧᠩ ᠬᠤᠩ ᠨᠠᠨ ᠲᠠᠢᠽᠢ ᠰᠢᠶᠠᠩ ᠪᠣᠯᠤᠨ ᠪᠠᠭ᠎ᠠ ᠨᠡᠭᠦᠴᠡ ᠪᠠᠯᠭᠠᠰᠤᠨ ᠳᠤ ᠬᠦᠷᠴᠦ ᠰᠢᠨᠵᠢᠯᠡᠨ ᠪᠠᠶᠢᠴᠠᠭᠠᠪᠠ  1 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠲᠤᠤ ᠮᠧᠩ ᠬᠤᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠯᠠᠰᠢᠨ ᠦᠬᠡᠷ ᠤᠨ ᠠᠵᠤ ᠦᠢᠯᠡᠰ ᠢ ᠬᠥᠭᠵᠢᠭᠦᠯᠬᠦ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠵᠡᠷᠭᠡ ᠭᠤᠤᠯᠳᠠᠯᠭ᠎ᠠ ᠲᠠᠢ ᠠᠵᠢᠯ ᠤᠨ ᠲᠠᠯ᠎ᠠ ᠪᠠᠷ ᠨᠠᠨ ᠲᠠᠢᠽᠢ ᠰᠢᠶᠠᠩ ᠪᠣᠯᠤᠨ ᠪᠠᠭ᠎ᠠ ᠨᠡᠭᠦᠴᠡ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃  ᠲᠤᠤ ᠮᠧᠩ ᠬᠤᠩ ᠤᠷᠢᠳ ᠬᠤᠵᠢᠳ ᠨᠠᠨ ᠲᠠᠢᠽᠢ ᠰᠢᠶᠠᠩ ᠤᠨ ᠮᠠᠯ ᠵᠢᠴᠢ ᠮᠠᠯ ᠤᠨ ᠠᠰᠢᠭ ᠰᠢᠮ᠎ᠡ ᠶᠢᠨ ᠠᠷᠠᠯᠵᠢᠶᠠᠨ ᠤ ᠵᠠᠬ᠎ᠠ ᠳᠡᠯᠭᠡᠭᠦᠷ᠂ ᠪᠸᠢ ᠱᠠᠨ ᠭᠧᠨ ᠲᠣᠰᠬᠤᠨ ᠤ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ᠂ ᠨᠠᠨ ᠲᠠᠢᠽᠢ ᠲᠣᠰᠬᠤᠨ ᠤ ᠵᠠᠩ ᠳ᠋ᠠ ᠰᠠᠶᠢᠵᠢᠷᠠᠭᠤᠯᠤᠯᠲᠠ ᠶᠢᠨ ᠦᠷᠲᠡᠭᠡ ᠳᠤ ᠬᠦᠷᠴᠡᠢ᠃ ᠪᠠᠭ᠎ᠠ ᠨᠡᠭᠦᠴᠡ ᠪᠠᠯᠭᠠᠰᠤᠨ ᠤ ᠬᠤᠸᠠᠩ ᠸᠤ᠋ ᠫᠦ ᠲᠣᠰᠬᠤᠨ ᠤ ᠠᠯᠠᠰᠢᠨ ᠦᠬᠡᠷ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ᠂  ᠾᠸᠤᠥ ᠽᠦᠩ ᠵᠢᠶᠧ ᠮᠠᠯ ᠲᠡᠵᠢᠭᠡᠨ ᠦᠷᠡᠵᠢᠭᠦᠯᠬᠦ ᠲᠠᠯᠠᠪᠠᠶ᠂ ᠪᠠ ᠯᠢ ᠵᠤᠸᠠᠩ ᠲᠣᠰᠬᠤᠨ ᠤ ᠯᠦᠸᠧ ᠺᠦᠶ ᠡᠭᠦᠯᠳᠡᠷ ᠰᠠᠶᠢᠵᠢᠷᠠᠭᠤᠯᠬᠤ ᠥᠷᠲᠡᠭᠡ ᠵᠡᠷᠭᠡ ᠭᠠᠵᠠᠷ ᠲᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠵᠤ᠂ ᠠᠯᠠᠰᠢᠨ ᠦᠬᠡᠷ ᠡᠭᠦᠯᠳᠡᠷ ᠰᠠᠶᠢᠵᠢᠷᠠᠭᠤᠯᠤᠭᠴᠢ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠠᠬᠢᠴᠠ ᠶᠢ ᠰᠣᠨᠣᠰᠪᠠ᠃  ᠲᠤᠤ ᠮᠧᠩ ᠬᠤᠩ ᠴᠢᠬᠤᠯᠠᠴᠢᠯᠠᠭᠰᠠᠨ ᠨᠢ ᠂ ᠨᠢᠭᠡ ᠳᠤ᠂ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠦᠢᠯᠡᠴᠢᠯᠡᠭᠡᠨ ᠤ ᠪᠠᠲᠤᠯᠠᠪᠤᠷᠢ ᠶᠢᠨ ᠰᠢᠰᠲᠸᠮ ᠢ ᠲᠡᠭᠦᠯᠳᠡᠷᠵᠢᠭᠦᠯᠵᠦ᠂ ᠰᠠᠶᠢᠵᠢᠷᠠᠭᠤᠯᠤᠭᠴᠢ᠂ ᠦᠷᠡᠵᠢᠭᠦᠯᠦᠨ ᠪᠤᠶᠢᠵᠢᠭᠤᠯᠤᠭᠴᠢ ᠶᠢᠨ ᠪᠠᠶᠢᠩᠭᠤ ᠶᠢᠨ ᠴᠢᠨᠠᠷᠲᠠᠢ ᠪᠣᠯᠪᠠᠰᠤᠷᠠᠯ ᠤᠨ ᠵᠢᠯᠤᠭᠤᠳᠤᠯᠭ᠎ᠠ ᠶᠢ ᠴᠢᠩᠭᠠᠳᠬᠠᠵᠤ᠂ ᠬᠡᠭᠡᠯᠲᠦᠭᠦᠯᠭᠡ᠂ ᠬᠢᠵᠢᠭ ᠢ ᠰᠡᠷᠭᠡᠶᠢᠯᠡᠬᠦ᠂ ᠮᠠᠯ ᠡᠮᠨᠡᠯᠭᠡ ᠵᠡᠷᠭᠡ ᠦᠢᠯᠡᠴᠢᠯᠡᠭᠡ ᠶᠢ ᠪᠦᠬᠦᠨ ᠢ ᠪᠦᠷᠬᠦᠬᠦᠯᠵᠦ᠂ ᠢᠴᠡᠭᠡᠯ ᠦᠷ᠎ᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠳᠦᠷᠢᠮᠵᠢᠭᠦᠯᠵᠦ᠂ ᠤᠯᠠᠨ ᠲᠦᠮᠡᠨ ᠳᠤ ᠬᠠᠨᠳᠤᠭᠤᠯᠤᠭᠰᠠᠨ ᠲᠦᠷᠦ ᠶᠢᠨ ᠪᠤᠳᠤᠯᠭ᠎ᠠ ᠪᠣᠯᠤᠨ ᠲᠦᠷᠦᠯ ᠵᠦᠢᠯ ᠤᠨ ᠤᠬᠠᠭᠤᠯᠭ᠎ᠠ ᠶᠢ ᠰᠠᠶᠢᠲᠤᠷ ᠬᠢᠵᠦ᠂ ᠰᠠᠶᠢᠨ ᠡᠭᠦᠯᠳᠡᠷ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠶᠠᠷ ᠲᠤ᠂ ᠠᠵᠤ ᠦᠢᠯᠡᠰ ᠤᠨ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠲᠡᠵᠢᠭᠡᠨ ᠦᠷᠡᠵᠢᠭᠦᠯᠬᠦ ᠡᠷᠦᠬᠡ ᠶᠢ ᠬᠦᠳᠦᠯᠦᠨ ᠵᠢᠯᠣᠭᠤᠳᠴᠤ ᠪᠠᠶᠢᠭᠠᠳ ᠲᠡᠵᠢᠭᠡᠨ ᠦᠷᠡᠵᠢᠭᠦᠯᠬᠦ ᠲᠠᠯᠠᠪᠠᠢ ᠶᠢᠨ ᠡᠷᠡᠭᠦᠯ ᠬᠠᠮᠠᠭᠠᠯᠠᠯ ᠤᠨ ᠰᠡᠷᠭᠡᠶᠢᠯᠡᠯᠲᠡ᠂ ᠪᠠᠭᠠᠰᠤᠨ ᠪᠣᠬᠢᠷᠲᠤᠯ ᠢ ᠰᠢᠢᠳᠪᠦᠷᠢᠯᠡᠬᠦ ᠪᠠ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠰᠠᠶᠢᠲᠤᠷ ᠬᠢᠯᠭᠡᠬᠦ ᠶᠢᠨ ᠬᠠᠮᠲᠤ ᠲᠠᠷᠢᠶᠠᠴᠢᠳ ᠤᠨ ᠤᠷᠤᠢ ᠶᠢᠨ ᠰᠤᠷᠭᠠᠭᠤᠯᠢ ᠶᠢᠨ ᠮᠡᠷᠭᠡᠵᠢᠯ ᠤᠨ ᠪᠣᠯᠪᠠᠰᠤᠷᠠᠯ ᠤᠨ ᠠᠩᠬᠢ ᠳᠤ ᠢᠳᠡᠪᠬᠢᠲᠡᠢ ᠣᠷᠣᠯᠴᠠᠵᠤ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠮᠡᠷᠭᠡᠵᠢᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠬᠠᠷᠢᠶ᠎ᠠ ᠣᠷᠣᠨ ᠤ ᠪᠠᠨ ᠴᠠᠯᠢᠩ ᠥᠷᠢᠲᠦᠬᠦ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠵᠦ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠵᠢᠯᠳᠠᠨ ᠠᠵᠢᠯᠴᠢᠨ ᠤ ᠴᠠᠯᠢᠩ ᠥᠭᠬᠦ ᠶᠢ ᠪᠠᠲᠤᠯᠠᠬᠤ ᠬᠡᠷᠡᠭᠲᠡᠢ ᠭᠡᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号