ᠪᠥᠬᠦ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠱᠤᠭᠤᠮ ᠤᠨ ᠱᠠᠭᠠᠷᠳᠠᠯᠭ᠎ᠠ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/19
   ᠪᠥᠬᠦ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠱᠤᠭᠤᠮ ᠤᠨ ᠱᠠᠭᠠᠷᠳᠠᠯᠭ᠎ᠠ ᠶᠢ ᠠᠬᠢᠭᠤᠯᠬᠤ ᠬᠤᠷᠠᠯ ᠬᠤᠷᠠᠯᠳᠤᠪᠠ  1 ᠰᠠᠷ᠎ᠠ ᠶᠢᠨ 15 ᠤ ᠦᠳᠡ ᠶᠢᠨ ᠬᠤᠶᠢᠨ᠎ᠠ᠂ ᠪᠦᠭᠦ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠭᠦ ᠲᠠᠯ᠎ᠠ ᠪᠠᠷ ᠪᠠᠬᠢᠵᠢᠭᠦᠯᠬᠦ ᠭᠤᠣᠯ ᠱᠤᠭᠤᠮ ᠤᠨ ᠱᠠᠭᠠᠷᠳᠠᠯᠭ᠎ᠠ ᠶᠢ ᠪᠦᠭᠦ ᠲᠠᠯ᠎ᠠ ᠪᠠᠷ ᠬᠤᠰᠢᠭᠤᠨ ᠤ ᠨᠠᠮ ᠤᠨ ᠬᠤᠷᠢᠶᠠᠨ ᠤ ᠪᠠᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠯᠢ ᠭᠦᠸᠧ ᠬᠤᠷᠠᠯ ᠡᠷᠭᠢᠯᠡᠵᠦ ᠶᠠᠷᠢᠶ᠎ᠠ ᠲᠠᠯᠪᠢᠵᠠᠶ᠃  ᠬᠤᠷᠠᠯ ᠠᠴᠠ ᠬᠤᠳᠠ ᠶᠢᠨ ᠨᠠᠮ ᠤᠨ ᠬᠤᠷᠢᠶ᠎ᠡ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠦᠬᠦ ᠲᠠᠯ᠎ᠠ ᠪᠠᠷ ᠲᠤᠤᠱᠯᠠᠭᠤᠯᠵᠤ ᠪᠠᠲᠤ ᠪᠠᠬᠢ ᠪᠣᠯᠭᠠᠬᠤ ᠱᠠᠭᠠᠷᠳᠠᠯᠭ᠎ᠠ ᠶᠢ ᠠᠬᠢᠭᠤᠯᠬᠤ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠦᠬᠦ ᠲᠠᠯ᠎ᠠ ᠪᠠᠷ ᠲᠤᠤᠱᠯᠠᠭᠤᠯᠵᠤ ᠪᠠᠲᠤ ᠪᠠᠬᠢ ᠪᠣᠯᠭᠠᠬᠤ ᠲᠤᠬᠠᠢ ᠠᠷᠭ᠎ᠠ ᠬᠡᠮᠵᠢᠶ᠎ᠡ ︾᠂ ︽ᠤᠯᠠᠭᠠᠨᠬᠠᠳᠠ ᠬᠤᠳᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠲᠤᠤᠱᠯᠠᠭᠤᠯᠵᠤ ᠪᠠᠲᠤ ᠴᠤᠭᠴᠠᠯᠠᠬᠤ ᠠᠵᠢᠯ ᠤᠨ ᠡᠭᠦᠷᠭᠡ ︾ ᠶᠢᠨ ᠵᠤᠷᠢᠭ ᠰᠠᠨᠠᠭ᠎ᠠ᠂ ᠮᠠᠨ ᠤ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠤᠯ ᠱᠤᠭᠤᠮ ᠢ ᠪᠥᠬᠦ ᠲᠠᠯ᠎ᠠ ᠪᠠᠷ ᠲᠤᠤᠱᠯᠠᠭᠤᠯᠤᠨ ᠪᠠᠬᠢᠵᠢᠭᠦᠯᠬᠦ ᠠᠵᠢᠯ ᠢ ᠪᠠᠶᠢᠷᠢᠯᠠᠭᠤᠯᠪᠠ᠃  ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ︽ᠡᠭᠦᠷᠭᠡ ᠶᠢᠨ ᠨᠠᠷᠢᠨ ᠲᠠᠩᠰᠠ︾ ᠲᠠᠢ ᠱᠠᠯᠠᠪᠳᠠᠨ ᠬᠠᠷᠢᠴᠠᠭᠤᠯᠵᠤ᠂ ᠡᠯ᠎ᠡ ᠵᠦᠢᠯ ᠤᠨ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠶᠢ ᠲᠣᠳᠣᠷᠬᠠᠶᠢᠯᠠᠬᠤ ᠬᠡᠷᠡᠭᠲᠡᠶ᠃  ᠬᠤᠷᠠᠯ ᠠᠴᠠ ᠴᠢᠬᠤᠯᠠᠴᠢᠯᠠᠭᠰᠠᠨ ᠨᠢ᠂ ᠭᠤᠣᠯ ᠱᠤᠭᠤᠮ ᠤᠨ ᠤᠬᠠᠮᠰᠠᠷ ᠢ ᠪᠠᠲᠤ ᠪᠤᠶ ᠪᠣᠯᠭᠠᠵᠤ᠂ ᠰᠢ ᠶᠢᠨ ᠫᠢᠩ ᠤ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠱᠠᠭᠠᠷᠳᠠᠯᠭ᠎ᠠ ᠪᠠ ᠨᠠᠮ ᠤᠨ ᠲᠥᠪ ᠬᠤᠷᠢᠶᠠᠨ ᠤ ᠰᠢᠶ᠋ᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠡᠨᠡ ᠬᠦ ᠭᠤᠣᠯ ᠰᠢᠵᠢᠮ ᠢ ᠠᠰᠠᠭᠤᠳᠠᠯ ᠢ ᠪᠣᠳᠣᠯᠬᠢᠯᠠᠬᠤ᠂ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠪᠦᠬᠦ ᠶᠠᠪᠤᠴᠠ ᠶᠢᠨ ᠡᠯ᠎ᠡ ᠲᠠᠯ᠎ᠠ ᠳᠤ ᠡᠷᠡᠰ ᠲᠤᠤᠱᠯᠠᠭᠤᠯᠵᠤ᠂ ᠴᠠᠭ ᠢᠮᠠᠭᠲᠠ ᠭᠤᠣᠯ ᠰᠢᠵᠢᠮ ᠤᠨ ᠱᠠᠭᠠᠷᠳᠠᠯᠭ᠎ᠠ ᠶᠢᠨ ᠲᠣᠭᠤᠷᠢᠨ ᠳᠤ ᠶᠠᠪᠤᠳᠠᠯ ᠪᠦᠬᠦᠨ ᠳᠤ ᠭᠤᠣᠯ ᠰᠢᠵᠢᠮ ᠤᠨ ᠱᠠᠭᠠᠷᠳᠠᠯᠭ᠎ᠠ ᠶᠢ ᠢᠯᠡᠷᠡᠭᠦᠯᠵᠦ᠂ ᠠᠯᠢᠪᠠ ᠠᠵᠢᠯ ᠢ ᠴᠥᠮ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠵᠤ᠂ ᠥᠴᠦᠬᠡᠨ ᠴᠦ ᠰᠠᠯᠤᠯ ᠦᠭᠡᠢ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠣᠯ ᠱᠤᠭᠤᠮ ᠤᠨ ᠬᠠᠷᠢᠭᠤᠴᠠᠯᠭ᠎ᠠ ᠶᠢ ᠪᠣᠳᠠᠲᠠᠶ ᠪᠠᠷ ᠠᠳᠬᠤᠵᠤ᠂ ᠥᠪᠡᠷ ᠥᠪᠡᠷ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠬᠤᠰᠢᠭᠤᠨ ᠤ ᠨᠠᠮ ᠤᠨ ᠬᠤᠷᠢᠶᠠᠨ ᠤ ᠳᠤᠷᠠᠳᠤᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶ ᠪᠠᠷ ᠨᠠᠶᠢᠳᠠᠪᠤᠷᠢᠵᠢᠭᠤᠯᠵᠤ᠂ ᠲᠦᠷᠭᠡᠨ ᠠᠵᠢᠯᠯᠠᠭ᠎ᠠ ᠠᠪᠴᠤ᠂ ᠡᠷᠲᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠃ ᠭᠤᠣᠯ ᠱᠤᠭᠤᠮ ᠤᠨ ᠦᠷ᠎ᠡ ᠪᠦᠲᠦᠮᠵᠢ ᠶᠢ ᠢᠯᠡᠷᠡᠭᠦᠯᠵᠦ᠂ ᠡᠯ᠎ᠡ ᠲᠦᠷᠦᠯ ᠤᠨ ᠵᠢᠭᠰᠠᠭᠠᠯ ᠤᠨ ᠭᠠᠵᠠᠷ᠂ ᠠᠴᠢᠶᠠᠯᠠᠪᠤᠷᠢ ᠪᠣᠯᠤᠨ ᠠᠷᠭ᠎ᠠ ᠪᠠᠷᠢᠯ ᠢ ᠰᠠᠶᠢᠲᠤᠷ ᠬᠡᠷᠡᠭᠯᠡᠵᠦ᠂ ᠰᠡᠷᠡᠵᠦ ᠮᠡᠳᠡᠬᠦ᠂ ᠲᠡᠮᠲᠡᠷᠢᠬᠦ ᠨᠠᠶᠢᠳᠠᠪᠤᠷᠢᠵᠢᠭᠤᠯᠤᠯᠲᠠ ᠶᠢᠨ ᠠᠷᠭ᠎ᠠ ᠬᠡᠮᠵᠢᠶ᠎ᠡ ᠶᠢ ᠠᠪᠴᠤ᠂ ᠪᠣᠳᠠᠲᠠᠢ ᠰᠡᠷᠡᠭᠳᠡᠯ ᠲᠠᠢ ᠪᠦᠲᠦᠮᠵᠢᠲᠡᠢ ᠭᠤᠣᠯ ᠱᠤᠭᠤᠮ ᠢ ᠲᠠᠯ᠎ᠠ ᠪᠦᠬᠦᠨ ᠳᠤ ᠲᠤᠤᠱᠯᠠᠭᠤᠯᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃  ᠬᠤᠷᠠᠯ ᠳᠡᠭᠡᠷ᠎ᠡ ᠪᠠᠰᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠠᠵᠢᠯ ᠢ ᠥᠷᠨᠢᠭᠦᠯᠬᠦ ᠳᠤ ᠪᠣᠯᠪᠠᠰᠤᠷᠠᠯ ᠪᠠ ᠵᠢᠯᠤᠭᠤᠳᠤᠯᠭ᠎ᠠ ᠬᠢᠪᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号