ᠰᠢᠨᠬᠤᠸᠠ ᠬᠤᠷᠢᠶᠠᠨ ᠤ ᠪᠡᠭᠡᠵᠢᠩ ᠤᠨ 1 | ᠳ᠋ᠦ᠋ᠭᠡᠷ ᠰᠠᠷ᠎ᠠ ᠶᠢᠨ 16 ᠤ ᠡᠳᠦᠷ ᠤᠨ | ᠴᠠᠬᠢᠯᠭᠠᠨ ᠮᠡᠳᠡᠭᠡ ᠲᠦᠷᠦᠭᠦᠬᠡᠨ᠂ | ᠲᠥᠷᠥ ᠶᠢᠨ ᠶᠠᠪᠤᠳᠠᠯ ᠤᠨ ᠬᠤᠷᠢᠶ᠎ᠠ | ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠴᠢᠨᠠᠭᠰᠢᠳᠠ ᠤᠯᠠᠮ ᠰᠢᠯᠢᠳᠡᠭᠵᠢᠭᠦᠯᠵᠦ ᠵᠠᠰᠠᠭ | ᠵᠠᠬᠢᠷᠭᠠᠨ ᠤ ᠦᠢᠯᠡᠳᠦᠯ ᠴᠢᠳᠠᠮᠵᠢ ᠶᠢ | ᠳᠡᠭᠡᠭᠰᠢᠯᠡᠭᠦᠯᠦᠨ ︿ᠥᠨᠳᠥᠷ | ᠪᠦᠲᠦᠮᠵᠢᠲᠡᠶ ᠪᠠᠷ ᠨᠢᠭᠡ ᠠᠵᠢᠯ ᠶᠠᠪᠤᠳᠠᠯ | ᠭᠦᠢᠴᠡᠳᠬᠡᠬᠦ﹀ ᠶᠢ ᠠᠬᠢᠭᠤᠯᠬᠤ ᠲᠤᠬᠠᠢ | ᠵᠢᠯᠤᠭᠤᠳᠬᠤ ᠰᠠᠨᠠᠯ︾ ︵ᠳᠣᠷᠣᠭᠰᠢ | ︽ᠵᠢᠯᠤᠭᠤᠳᠬᠤ ᠰᠠᠨᠠᠯ︾ ᠭᠡᠵᠦ ᠲᠣᠪᠴᠢᠯᠠᠪᠠ︶ ᠢ | ᠳᠠᠷᠤᠮᠠᠯᠯᠠᠨ ᠲᠠᠷᠬᠠᠭᠠᠭᠠᠳ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠴᠢᠨᠠᠷ ᠢ | ᠳᠡᠭᠡᠭᠰᠢᠯᠡᠭᠦᠯᠦᠨ ᠠᠰᠢᠭ ᠢ | ᠨᠡᠮᠡᠭᠳᠡᠭᠦᠯᠬᠦ ᠶᠢ ᠭᠦᠨᠵᠡᠭᠡᠢ ᠠᠬᠢᠭᠤᠯᠵᠤ᠂ | ᠨᠠᠩ ᠣᠯᠠᠨ ᠬᠦᠷᠢᠶ᠎ᠡ ᠨᠠᠩ ᠶᠡᠭᠡ | ᠬᠡᠪᠴᠢᠶᠡᠨ ᠳᠤ ︽ᠥᠨᠳᠥᠷ ᠪᠦᠲᠦᠮᠵᠢᠲᠡᠶ ᠪᠠᠷ | ᠨᠢᠭᠡ ᠠᠵᠢᠯ ᠶᠠᠪᠤᠳᠠᠯ ᠭᠦᠢᠴᠡᠳᠬᠡᠬᠦ︾ ᠶᠢ | ᠪᠡᠶᠡᠯᠡᠭᠦᠯᠬᠦ ᠲᠤᠬᠠᠢ ᠪᠠᠶᠢᠷᠢᠯᠠᠭᠤᠯᠤᠭᠰᠠᠨ | ᠪᠠᠶᠢᠨ᠎ᠠ᠃ | ︽ᠵᠢᠯᠤᠭᠤᠳᠬᠤ ᠰᠠᠨᠠᠯ︾ ᠳᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠨ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ︽ᠥᠨᠳᠥᠷ ᠪᠦᠲᠦᠮᠵᠢᠲᠡᠶ ᠪᠠᠷ ᠨᠢᠭᠡ ᠠᠵᠢᠯ | ᠶᠠᠪᠤᠳᠠᠯ ᠭᠦᠢᠴᠡᠳᠬᠡᠬᠦ︾ ᠶᠢ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ | ᠰᠢᠯᠢᠳᠡᠭᠵᠢᠭᠦᠯᠬᠦ᠂ ᠵᠠᠰᠠᠭ ᠵᠠᠬᠢᠷᠭᠠᠨ ᠤ | ᠦᠢᠯᠡᠳᠦᠯ ᠴᠢᠳᠠᠮᠵᠢ ᠶᠢ ᠳᠡᠭᠡᠭᠰᠢᠯᠡᠭᠦᠯᠬᠦ | ᠴᠢᠬᠤᠯᠠ ᠭᠠᠷᠳᠠᠴᠠ ᠪᠣᠯᠭᠠᠨ᠂ ᠪᠦᠬᠦᠯᠢ | ᠴᠣᠭᠴᠠᠲᠤ ᠲᠥᠯᠥᠪᠯᠡᠭᠡ ᠶᠢ ᠴᠢᠩᠭᠠᠳᠬᠠᠵᠤ᠂ | ᠵᠠᠭᠪᠤᠷ ᠤᠨ ᠰᠢᠨᠡᠴᠢᠯᠡᠯᠲᠡ ᠶᠢ ᠠᠬᠢᠭᠤᠯᠵᠤ᠂ | ᠥᠭᠡᠷᠡᠴᠢᠯᠡᠯᠲᠡ ᠪᠠᠷ ᠬᠥᠲᠥᠯᠥᠨ ᠳᠠᠭᠠᠭᠤᠯᠬᠤ | ᠪᠠ ᠲᠣᠭᠠᠴᠢᠯᠠᠯᠲᠠ ᠪᠠᠷ ᠬᠦᠴᠦᠨ ᠴᠢᠳᠠᠮᠵᠢ | ᠣᠯᠭᠤᠬᠤ ᠬᠤᠶᠠᠷ ᠬᠦᠷᠳᠦᠲᠦ ᠬᠥᠳᠡᠯᠭᠡᠭᠦᠷ ᠢ | ᠴᠢᠬᠤᠯᠠᠴᠢᠯᠠᠵᠤ᠂ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠢ ᠲᠥᠯᠥᠪᠯᠡᠨ᠂ | ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ | ᠭᠠᠳᠠᠭᠤᠷᠬᠢ ᠶᠢ ᠤᠶᠠᠯᠳᠤᠭᠤᠯᠤᠨ | ᠬᠥᠭᠵᠢᠭᠦᠯᠬᠦ ᠶᠢ ᠠᠬᠢᠭᠤᠯᠵᠤ᠂ ᠠᠵᠢᠯ | ᠶᠠᠪᠤᠳᠠᠯ ᠭᠦᠢᠴᠡᠳᠬᠡᠬᠦ ᠠᠷᠭ᠎ᠠ ᠮᠠᠶ᠋ᠢᠭ ᠣᠯᠠᠨ | ᠡᠰᠢᠲᠦ᠂ ᠴᠤᠪᠤᠷᠠᠯ ᠬᠠᠮᠤᠭ ᠰᠢᠯᠢᠳᠡᠭ᠂ | ᠮᠠᠲ᠋ᠧᠷᠢᠶᠠᠯ ᠬᠠᠮᠤᠭ ᠳᠦᠬᠦᠮ᠂ ᠥᠪᠡᠷ ᠤᠨ | ᠥᠷᠲᠡᠭ ᠬᠠᠮᠤᠭ ᠳᠣᠣᠷ᠎ᠠ ᠪᠣᠯᠭᠠᠬᠤ ᠶᠢ | ᠪᠡᠶᠡᠯᠡᠭᠦᠯᠵᠦ᠂ ᠬᠠᠮᠤᠭ ᠤᠨ ᠶᠡᠭᠡ | ᠬᠡᠮᠵᠢᠶ᠎ᠡ ᠪᠠᠷ ᠠᠵᠤ ᠠᠬᠤᠶᠢᠯᠠᠯ ᠳᠤ ᠠᠰᠢᠭ | ᠬᠦᠷᠲᠡᠭᠡᠨ ᠠᠷᠠᠳ ᠲᠤ ᠲᠥᠬᠦᠮ ᠦᠵᠡᠭᠦᠯᠵᠦ᠂ ᠠᠵᠤ | ᠠᠬᠤᠢ ᠨᠡᠶᠢᠭᠡᠮ ᠤᠨ ᠬᠥᠭᠵᠢᠯᠲᠡ ᠶᠢᠨ | ᠳᠣᠲᠣᠭᠠᠳᠤ ᠬᠥᠳᠡᠯᠭᠡᠬᠦ ᠬᠦᠴᠦᠨ ᠢ | ᠬᠥᠭᠵᠢᠭᠡᠬᠦ ᠬᠡᠷᠡᠭᠲᠡᠢ ᠭᠡᠵᠦ ᠵᠢᠭᠠᠨ | ᠭᠠᠷᠭᠠᠵᠠᠢ᠃ | ︽ᠵᠢᠯᠤᠭᠤᠳᠬᠤ ᠰᠠᠨᠠᠯ︾ ᠳᠤ ᠬᠤᠶᠠᠷ | ᠱᠠᠲᠤᠨ ᠤ ᠠᠵᠢᠯ ᠤᠨ ᠬᠠᠷᠠᠯᠲᠠ ᠶᠢ ᠲᠤᠷᠠᠳᠪᠠ᠃ | 2024 ᠣᠨ ᠳᠤ ︽ᠥᠨᠳᠥᠷ ᠪᠦᠲᠦᠮᠵᠢᠲᠡᠶ ᠪᠠᠷ ᠨᠢᠭᠡ | ᠠᠵᠢᠯ ᠶᠠᠪᠤᠳᠠᠯ ᠭᠦᠢᠴᠡᠳᠬᠡᠬᠦ︾ | ᠭᠤᠣᠯᠳᠠᠯᠭ᠎ᠠ ᠲᠠᠢ ᠵᠦᠢᠯᠡᠰ ᠤᠨ ᠨᠠᠷᠢᠨ | ᠲᠠᠩᠰᠠ ᠶᠢᠨ ᠬᠠᠮᠢᠶᠠᠷᠤᠯᠲᠠ ᠶᠢᠨ ᠲᠣᠭᠲᠠᠴᠠ | ᠪᠠ ᠪᠠᠶᠢᠩᠭᠤᠰᠢᠭᠤᠯᠤᠨ ᠠᠬᠢᠭᠤᠯᠬᠤ | ᠲᠣᠭᠲᠠᠴᠠ ᠶᠢ ᠲᠡᠭᠦᠯᠳᠡᠷᠵᠢᠭᠦᠯᠵᠦ᠂ | ᠨᠢᠭᠡᠳᠦᠭᠡᠷ ᠪᠦᠯᠦᠭ ᠥᠨᠳᠥᠷ ᠳᠠᠪᠲᠠᠮᠵᠢ ᠲᠠᠢ᠂ | ᠥᠷᠭᠡᠨ ᠬᠡᠪᠴᠢᠶ᠎ᠡ ᠲᠠᠢ᠂ ᠦᠯᠡᠮᠵᠢ | ᠠᠰᠠᠭᠤᠳᠠᠯ ᠲᠠᠢ ︽ᠨᠢᠭᠡ ᠠᠵᠢᠯ ᠶᠠᠪᠤᠳᠠᠯ︾ ᠢ | ᠥᠨᠳᠥᠷ ᠪᠦᠲᠦᠮᠵᠢᠲᠡᠶ ᠪᠠᠷ ᠭᠦᠢᠴᠡᠳᠬᠡᠬᠦ ᠶᠢ | ᠪᠡᠶᠡᠯᠡᠭᠦᠯᠦᠨ᠎ᠡ᠃ 2027 ᠣᠨ ᠪᠣᠯᠬᠤ ᠳᠤ᠂ | ᠨᠡᠶᠢᠳᠡᠮ ᠬᠦᠷᠲᠡᠬᠦᠶᠢᠴᠡ᠂ ᠣᠶᠤᠨᠯᠢᠭ ᠳᠥᠭᠦᠮ | ᠳᠥᠲᠡ᠂ ᠡᠷᠬᠡ ᠲᠡᠭᠰᠢ ᠲᠦᠭᠡᠮᠡᠯ | ᠬᠦᠷᠲᠡᠭᠡᠮᠵᠢᠲᠦ ᠥᠨᠳᠥᠷ ᠪᠦᠲᠦᠮᠵᠢᠲᠡᠶ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠭᠲᠠᠯᠴᠠᠭ᠎ᠠ ᠶᠢ ᠦᠨᠳᠦᠰᠦᠨ ᠳᠤ ᠨᠢ | ᠪᠦᠷᠢᠯᠳᠦᠭᠦᠯᠦᠨ᠂ ᠠᠵᠤ ᠠᠬᠤᠶᠢᠯᠠᠯ ᠪᠠ ᠬᠤᠪᠢ | ᠬᠥᠮᠥᠨ ᠤ ᠬᠤᠶᠠᠷ ᠪᠦᠬᠦᠯᠢ ᠠᠮᠢ ᠨᠠᠰᠤᠨ ᠤ | ᠦᠶᠡᠯᠡᠯ ᠤᠨ ᠴᠢᠬᠤᠯᠠ ᠱᠠᠲᠤᠨ ᠳᠤ ︽ᠥᠨᠳᠥᠷ | ᠪᠦᠲᠦᠮᠵᠢᠲᠡᠶ ᠪᠠᠷ ᠨᠢᠭᠡ ᠠᠵᠢᠯ ᠶᠠᠪᠤᠳᠠᠯ | ᠭᠦᠢᠴᠡᠳᠬᠡᠬᠦ︾ ᠭᠤᠣᠯᠳᠠᠯᠭ᠎ᠠ ᠲᠠᠢ | ᠵᠦᠢᠯᠡᠰ ᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠵᠤ᠂ ᠠᠵᠤ ᠠᠬᠤᠶᠢᠯᠠᠯ ᠪᠠ | ᠣᠯᠠᠨ ᠲᠦᠮᠡᠨ ᠤ ᠠᠵᠢᠯ ᠶᠠᠪᠤᠳᠠᠯ | ᠭᠦᠢᠴᠡᠳᠬᠡᠬᠦ ᠳᠤ ᠬᠠᠨᠤᠮᠵᠢᠲᠠᠶ ᠪᠠᠶᠢᠬᠤ | ᠬᠡᠮᠵᠢᠶ᠎ᠡ᠂ ᠬᠦᠷᠲᠡᠮᠵᠢ ᠶᠢᠨ ᠲᠥᠷᠥᠭᠳᠡᠯ ᠢ | ᠶᠡᠭᠡ ᠪᠠᠷ ᠳᠡᠭᠡᠭᠰᠢᠯᠡᠭᠦᠯᠦᠨ᠎ᠡ᠃ | ︽ᠵᠢᠯᠤᠭᠤᠳᠬᠤ ᠰᠠᠨᠠᠯ︾ ᠳᠤ 5 ᠲᠠᠯ᠎ᠠ ᠶᠢᠨ | ᠭᠤᠣᠯᠳᠠᠯᠭ᠎ᠠ ᠲᠠᠢ ᠡᠭᠦᠷᠭᠡ ᠶᠢ ᠳᠤᠷᠠᠳᠴᠠᠢ᠃ | ᠨᠢᠭᠡ ᠳᠤ᠂ ᠠᠷᠭ᠎ᠠ ᠵᠠᠮ ᠤᠨ | ᠪᠠᠶᠢᠭᠤᠯᠤᠯᠲᠠ ᠶᠢ ᠴᠢᠩᠭᠠᠳᠬᠠᠨ᠂ | ᠰᠦᠯᠵᠢᠶᠡᠨ ᠠᠴᠠ ᠭᠠᠳᠠᠭᠤᠷ ᠠᠵᠢᠯ ᠶᠠᠪᠤᠳᠠᠯ | ᠭᠦᠢᠴᠡᠳᠬᠡᠬᠦ ᠳᠤ ︽ᠭᠠᠭᠴᠠᠬᠠᠨ ᠡᠭᠦᠳᠡ ᠪᠠᠷ | ᠣᠷᠣᠬᠤ︾᠂ ᠰᠦᠯᠵᠢᠶᠡᠨ ᠳᠡᠭᠡᠷ᠎ᠡ ᠠᠵᠢᠯ | ᠶᠠᠪᠤᠳᠠᠯ ᠭᠦᠢᠴᠡᠳᠬᠡᠬᠦ ᠳᠤ ︽ᠨᠢᠭᠡ | ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ | ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ | ᠱᠠᠭᠠᠷᠳᠠᠯᠭ᠎ᠠ ᠶᠢ ︽ᠨᠢᠭᠡ ᠯᠠ ᠤᠲᠠᠰᠤ ᠪᠠᠷ | ᠬᠠᠷᠢᠭᠤᠯᠬᠤ︾ ᠶᠢ ᠠᠬᠢᠭᠤᠯᠤᠨ᠎ᠠ᠃ | ᠬᠤᠶᠠᠷ ᠲᠤ᠂ ᠵᠠᠭᠪᠤᠷ ᠤᠨ ᠰᠢᠨᠡᠴᠢᠯᠡᠯᠲᠡ ᠶᠢ | ᠭᠦᠨᠵᠡᠭᠡᠶᠢᠷᠡᠭᠦᠯᠵᠦ᠂ ᠬᠤᠯᠪᠣᠭᠳᠠᠬᠤ | ᠵᠦᠢᠯᠡᠰ ᠢ ᠲᠥᠪᠯᠡᠷᠡᠭᠦᠯᠦᠨ ᠭᠦᠢᠴᠡᠳᠬᠡᠬᠦ᠂ | ᠲᠤᠲᠠᠭᠳᠠᠬᠤ ᠵᠦᠢᠯᠡᠰ ᠢ ᠠᠮᠠᠯᠠᠨ | ᠭᠦᠢᠴᠡᠳᠬᠡᠬᠦ᠂ ᠣᠨᠳᠣᠣ ᠭᠠᠵᠠᠷ ᠤᠨ ᠵᠦᠢᠯᠡᠰ ᠢ | ᠣᠷᠣᠨ ᠪᠦᠰᠡ ᠠᠯᠤᠰᠯᠠᠨ ᠭᠦᠢᠴᠡᠳᠬᠡᠬᠦ᠂ | ᠲᠦᠷᠦ ᠶᠢᠨ ᠪᠣᠳᠣᠯᠭ᠎ᠠ ᠶᠢᠨ | ᠦᠢᠯᠡᠴᠢᠯᠡᠭᠡ ᠶᠢ ᠭᠤᠶᠤᠴᠢᠯᠠᠬᠤ ᠠᠴᠠ | ᠬᠡᠯᠲᠦᠷᠢᠭᠦᠯᠦᠨ ᠭᠦᠢᠴᠡᠳᠬᠡᠬᠦ ᠶᠢ | ᠠᠬᠢᠭᠤᠯᠤᠨ᠎ᠠ᠃ ᠭᠤᠷᠪᠠ ᠳᠤ᠂ | ᠲᠣᠭᠠᠴᠢᠯᠠᠯᠲᠠ ᠪᠠᠷ ᠬᠦᠴᠦᠨ ᠴᠢᠳᠠᠮᠵᠢ | ᠣᠯᠭᠤᠬᠤ ᠶᠢ ᠴᠢᠩᠭᠠᠳᠬᠠᠵᠤ᠂ ᠪᠦᠬᠦ ᠤᠯᠤᠰ ᠤᠨ | ᠨᠢᠭᠡ ᠴᠣᠭᠴᠠᠵᠢᠭᠤᠯᠤᠭᠰᠠᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ | ᠲᠦᠰᠢᠭᠯᠡᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠦᠯᠵᠢᠶᠡᠨ ᠳᠡᠭᠡᠷᠡᠬᠢ ᠪᠠ | ᠰᠦᠯᠵᠢᠶᠡᠨ ᠠᠴᠠ ᠭᠠᠳᠠᠭᠤᠷᠬᠢ ᠶᠡᠷᠦᠩᠬᠡᠢ | ᠬᠦᠢᠰᠦ ᠶᠢ ᠪᠠᠶᠢᠭᠤᠯᠵᠤ᠂ ᠵᠠᠰᠠᠭ ᠤᠨ | ᠶᠠᠪᠤᠳᠠᠯ ᠤᠨ ᠳ᠋ᠠᠶᠢᠲ᠋ᠠ ᠶᠢ ᠬᠤᠪᠢᠶᠠᠯᠴᠠᠬᠤ | ᠪᠣᠳᠠᠲᠤ ᠦᠷ᠎ᠡ ᠪᠦᠲᠦᠮᠵᠢ ᠶᠢ ᠬᠦᠴᠦᠯᠡᠨ | ᠳᠡᠭᠡᠭᠰᠢᠯᠡᠭᠦᠯᠵᠦ᠂ ᠪᠦᠬᠦ ᠶᠠᠪᠤᠴᠠ ᠳᠤ | ᠰᠢᠨ᠎ᠡ ᠮᠡᠷᠭᠡᠵᠢᠯ ᠬᠡᠷᠡᠭᠯᠡᠬᠦ ᠶᠢ | ᠦᠷᠭᠦᠯᠵᠢᠯᠡᠨ ᠴᠢᠩᠭᠠᠳᠬᠠᠨ᠎ᠠ᠃ ᠳᠥᠷᠪᠡ ᠳᠤ᠂ | ᠬᠡᠪᠴᠢᠶ᠎ᠡ ᠶᠢ ᠥᠷᠭᠡᠳᠬᠡᠨ ᠠᠰᠢᠭ ᠢ | ᠨᠡᠮᠡᠭᠳᠡᠭᠦᠯᠬᠦ ᠶᠢ ᠠᠬᠢᠭᠤᠯᠤᠨ᠂ ᠬᠠᠪᠰᠤᠷᠤᠨ | ᠭᠦᠢᠴᠡᠳᠬᠡᠬᠦ ᠪᠠ ᠣᠷᠣᠯᠠᠨ ᠭᠦᠢᠴᠡᠳᠬᠡᠬᠦ | ᠴᠢᠳᠠᠪᠤᠷᠢ ᠶᠢ ᠳᠡᠭᠡᠭᠰᠢᠯᠡᠭᠦᠯᠵᠦ᠂ ᠤᠯᠠᠨ | ᠨᠡᠶᠢᠲᠡ ᠶᠢᠨ ᠦᠢᠯᠡᠴᠢᠯᠡᠭᠡᠨ ᠤ | ᠬᠠᠩᠭᠠᠯᠭ᠎ᠠ ᠶᠢ ᠪᠠᠶᠠᠯᠢᠭᠵᠢᠭᠤᠯᠵᠤ᠂ ᠦᠷᠳᠡᠭ | ᠨᠡᠮᠡᠭᠳᠡᠯ ᠤᠨ ᠦᠢᠯᠡᠴᠢᠯᠡᠭᠡᠨ ᠤ | ᠠᠭᠤᠯᠭ᠎ᠠ ᠶᠢ ᠥᠷᠭᠡᠳᠬᠡᠨ᠎ᠡ᠃ ᠲᠠᠪᠤ ᠳᠤ᠂ | ᠠᠵᠢᠯ ᠤᠨ ᠰᠠᠭᠤᠷᠢ ᠶᠢ ᠪᠠᠬᠢᠵᠢᠭᠦᠯᠦᠨ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠪᠠᠷᠢᠮᠵᠢᠶᠠᠨ ᠤ ᠲᠣᠭᠲᠠᠯᠴᠠᠭ᠎ᠠ ᠬᠢᠭᠡᠳ | ᠠᠵᠢᠯ ᠤᠨ ᠲᠣᠭᠲᠠᠯᠴᠠᠭ᠎ᠠ ᠶᠢ | ᠲᠡᠭᠦᠯᠳᠡᠷᠵᠢᠭᠦᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠳᠦᠷᠢᠮ ᠤᠨ | ᠬᠠᠩᠭᠠᠯᠭ᠎ᠠ ᠶᠢ ᠡᠷᠴᠢᠮᠯᠡᠨ᠎ᠡ᠃ | ︽ᠵᠢᠯᠤᠭᠤᠳᠬᠤ ᠰᠠᠨᠠᠯ︾ ᠳᠤ ︽ᠥᠨᠳᠥᠷ | ᠪᠦᠲᠦᠮᠵᠢᠲᠡᠶ ᠪᠠᠷ ᠨᠢᠭᠡ ᠠᠵᠢᠯ ᠶᠠᠪᠤᠳᠠᠯ | ᠭᠦᠢᠴᠡᠳᠬᠡᠬᠦ︾ ᠨᠢᠭᠡᠳᠦᠭᠡᠷ ᠪᠦᠯᠦᠭ ᠤᠨ 13 | ᠭᠤᠣᠯᠳᠠᠯᠭ᠎ᠠ ᠲᠠᠢ ᠵᠦᠢᠯᠡᠰ ᠤᠨ ᠨᠠᠷᠢᠨ | ᠲᠠᠩᠰᠠ ᠶᠢ ᠲᠣᠳᠤᠷᠬᠠᠶᠢᠯᠠᠵᠠᠢ᠃ ᠡᠭᠦᠨ ᠳᠤ᠂ | ᠡᠵᠡᠩᠨᠡᠬᠦ ᠭᠤᠣᠯ ᠴᠣᠭᠴᠠ ᠶᠢᠨ ᠠᠵᠢᠯ ᠶᠠᠪᠤᠳᠠᠯ | ᠭᠦᠢᠴᠡᠳᠬᠡᠬᠦ ᠳᠤ ᠬᠠᠷᠢᠶᠠᠯᠠᠭᠳᠠᠬᠤ ᠨᠢ 8 | ᠵᠦᠢᠯ ᠪᠣᠶ᠂ ᠳᠠᠷᠤᠢ ᠲᠡᠭᠡᠭᠡᠪᠦᠷᠢ ᠶᠢᠨ ᠠᠵᠤ | ᠠᠬᠤᠶᠢᠯᠠᠯ ᠡᠷᠭᠢᠯᠡᠬᠦ᠂ ᠤᠰᠤ ᠴᠠᠬᠢᠯᠭᠠᠨ ᠬᠡᠢ | ᠰᠦᠯᠵᠢᠶ᠎ᠡ ᠶᠢ ᠬᠠᠮᠲᠤᠷᠠᠭᠤᠯᠤᠨ ᠤᠭᠰᠠᠷᠠᠬᠤ᠂ | ᠢᠲᠡᠭᠡᠮᠵᠢ ᠪᠠᠨ ᠰᠡᠷᠭᠦᠭᠡᠬᠦ᠂ ᠠᠵᠤ | ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ | ᠬᠠᠤᠯᠢ ᠶᠣᠰᠣᠨ ᠤ ᠲᠣᠭᠲᠠᠭᠠᠯ ᠳᠤ | ᠨᠡᠶᠢᠴᠡᠭᠰᠡᠨ ᠮᠡᠳᠡᠭᠡ ᠵᠠᠩᠭᠢ ᠶᠢ | ᠬᠠᠷᠭᠤᠭᠤᠯᠤᠨ ᠪᠠᠶᠢᠴᠠᠭᠠᠬᠤ᠂ ᠠᠵᠤ | ᠠᠬᠤᠶᠢᠯᠠᠯ ᠤᠨ ᠳᠠᠩᠰᠠᠯᠠᠯᠲᠠ ᠶᠢ ᠴᠣᠴᠠᠯᠬᠤ | ᠵᠡᠷᠭᠡ ᠶᠢ ᠪᠠᠭᠲᠠᠭᠠᠨ᠎ᠠ᠃ ᠬᠤᠪᠢ ᠬᠦᠮᠦᠨ ᠤ | ᠠᠵᠢᠯ ᠶᠠᠪᠤᠳᠠᠯ ᠭᠦᠢᠴᠡᠳᠬᠡᠬᠦ ᠳᠤ | ᠬᠠᠷᠢᠶᠠᠯᠠᠭᠳᠠᠬᠤ ᠨᠢ 5 ᠵᠦᠢᠯ ᠪᠣᠶ᠂ ᠳᠠᠷᠤᠢ | ᠰᠤᠷᠭᠠᠭᠤᠯᠢ ᠳᠤ ᠣᠷᠣᠬᠤ᠂ ᠰᠠᠭᠤᠭᠠᠯᠢ | ᠠᠷᠠᠳ ᠤᠨ ᠨᠡᠶᠢᠭᠡᠮ ᠤᠨ ᠪᠠᠲᠤᠯᠠᠭᠠᠨ ᠤ | ᠺᠠᠷᠲ ᠤᠨ ᠦᠢᠯᠡᠴᠢᠯᠡᠭᠡ᠂ ᠵᠡᠮᠳᠡᠭᠴᠦᠳ ᠲᠠᠬᠢ | ᠦᠢᠯᠡᠴᠢᠯᠡᠭᠡ ᠵᠡᠷᠭᠡ ᠶᠢ ᠪᠠᠭᠲᠠᠭᠠᠨ᠎ᠠ᠃ | ︽ᠵᠢᠯᠤᠭᠤᠳᠬᠤ ᠰᠠᠨᠠᠯ︾ ᠳᠤ᠂ ︽ᠥᠨᠳᠥᠷ | ᠪᠦᠲᠦᠮᠵᠢᠲᠡᠶ ᠪᠠᠷ ᠨᠢᠭᠡ ᠠᠵᠢᠯ ᠶᠠᠪᠤᠳᠠᠯ | ᠭᠦᠢᠴᠡᠳᠬᠡᠬᠦ︾ ᠪᠠᠷ ᠭᠤᠣᠯᠳᠠᠭᠤᠯᠵᠤ | ᠬᠦᠴᠦ ᠪᠠᠨ ᠬᠠᠮᠲᠤᠳᠬᠠᠨ ᠪᠣᠭᠤᠮᠲᠠ | ᠰᠢᠪᠲᠤᠯᠵᠤ᠂ ᠵᠣᠬᠢᠶᠠᠨ ᠪᠠᠶᠢᠭᠤᠯᠵᠤ | ᠬᠡᠷᠡᠭᠵᠢᠭᠦᠯᠬᠦ ᠪᠠ ᠤᠬᠠᠭᠤᠯᠤᠨ | ᠳᠡᠯᠭᠡᠷᠡᠭᠦᠯᠬᠦ ᠪᠠᠨ ᠡᠷᠴᠢᠮᠯᠡᠵᠦ᠂ ᠡᠯ᠎ᠡ | ᠱᠠᠲᠤᠨ ᠤ ᠣᠷᠣᠨ ᠨᠤᠲᠤᠭ ᠤᠨ ᠵᠠᠰᠠᠭ ᠤᠨ ᠣᠷᠳᠣᠨ | ᠪᠠ ᠬᠤᠯᠪᠣᠭᠳᠠᠯ ᠪᠦᠬᠦᠢ ᠲᠠᠯ᠎ᠠ ᠶᠢᠨ | ᠢᠳᠡᠪᠬᠢᠵᠢᠯ ᠢ ᠭᠦᠢᠴᠡᠳ ᠳᠠᠶᠢᠴᠢᠯᠠᠨ᠂ ᠡᠯᠪᠡᠨ | ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠴᠢᠩᠭ᠎ᠠ | ᠠᠳᠬᠤᠬᠤ ᠬᠡᠷᠡᠭᠲᠡᠢ᠃ ᠨᠢᠭᠡᠳᠦᠯᠲᠡᠢ | ᠲᠥᠯᠥᠪᠯᠡᠨ ᠵᠣᠬᠢᠴᠠᠭᠤᠯᠬᠤ ᠪᠠᠨ | ᠴᠢᠩᠭᠠᠳᠬᠠᠵᠤ᠂ ᠲᠤᠷᠰᠢᠵᠤ ᠵᠢᠱᠢᠶ᠎ᠡ | ᠦᠵᠡᠭᠦᠯᠬᠦ ᠠᠵᠢᠯ ᠢ ᠥᠷᠨᠢᠭᠦᠯᠵᠦ᠂ | ᠥᠭᠡᠷᠡᠴᠢᠯᠡᠯᠲᠡ ᠰᠢᠨᠡᠴᠢᠯᠡᠯᠲᠡ ᠬᠢᠬᠦ᠂ | ᠵᠣᠷᠢᠭᠲᠠᠢ ᠪᠠᠷ ᠬᠠᠶᠢᠨ ᠰᠦᠪᠡᠭᠴᠢᠯᠡᠬᠦ ᠶᠢ | ᠵᠣᠷᠢᠭᠵᠢᠭᠤᠯᠵᠤ᠂ ᠨᠢᠭᠡ ᠪᠦᠯᠦᠭ ︽ᠥᠨᠳᠥᠷ | ᠪᠦᠲᠦᠮᠵᠢᠲᠡᠶ ᠪᠠᠷ ᠨᠢᠭᠡ ᠠᠵᠢᠯ ᠶᠠᠪᠤᠳᠠᠯ | ᠭᠦᠢᠴᠡᠳᠬᠡᠬᠦ︾ ᠭᠤᠤᠳᠠᠯᠭ᠎ᠠ ᠲᠠᠢ ᠵᠦᠢᠯᠡᠰ ᠢ | ᠵᠢᠯ ᠳᠠᠷᠠᠭᠠᠯᠠᠨ ᠭᠠᠷᠭᠠᠵᠤ᠂ ᠪᠣᠳᠠᠲᠤ ᠦᠷ᠎ᠡ | ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ | ᠭᠡᠵᠦ ᠴᠢᠬᠤᠯᠠᠴᠢᠯᠠᠪᠠ᠃ | |