ᠬᠤᠰᠢᠭᠤᠨ ᠳᠠᠷᠤᠭ᠎ᠠ ᠵᠣᠣ ᠶᠠᠨ ᠬᠤᠩ 2024 ᠣᠨ ᠤ ᠠᠩᠬᠠᠳᠤᠭᠠᠷ ᠤᠳᠠᠭ᠎ᠠ ᠶᠢᠨ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/24
  ᠬᠤᠰᠢᠭᠤᠨ ᠳᠠᠷᠤᠭ᠎ᠠ ᠵᠣᠣ ᠶᠠᠨ ᠬᠤᠩ 2024 ᠣᠨ ᠤ ᠠᠩᠬᠠᠳᠤᠭᠠᠷ ᠤᠳᠠᠭ᠎ᠠ ᠶᠢᠨ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ  1 ᠰᠠᠷ᠎ᠠ ᠶᠢᠨ 24 ᠤ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠣᠣ ᠶᠠᠨ ᠬᠤᠩ 2024 ᠣᠨ ᠤ ᠠᠩᠬᠠᠳᠤᠭᠠᠷ ᠤᠳᠠᠭ᠎ᠠ ᠶᠢᠨ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠮᠠ ᠶᠦᠩ ᠭᠠᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠱᠢ ᡁᠢ ᠯᠢᠶᠠᠩ᠂ ᠸᠠᠩ ᠶᠦᠨ ᠰᠢᠶᠠ᠂ ᠳᠡᠳ᠋ ᠬᠤᠰᠢᠭᠤᠨ ᠳᠠᠷᠤᠭ᠎ᠠ ᠪᠢᠴᠢᠭᠲᠦ᠂ ᠰᠢᠶ᠋ᠸ ᠶᠦᠨ ᠰᠥᠩ᠂ ᠸᠠᠩ ᠴᠢᠦ ᠶᠧ᠂ ᠢᠦᠶ ᠬᠤᠸᠠ ᠶᠠᠨ᠂ ᠵᠤᠸᠠᠩ ᠸᠧᠨ ᠳ᠋ᠢ᠂ ᠳᠡᠳ᠋ ᠬᠤᠰᠢᠭᠤᠨ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠲᠢᠶᠠᠨ ᠬᠠᠶ ᠱᠧᠩ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠷᠦᠩ ᠰᠢ ᠹᠧᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠭᠤᠸᠠᠩ ᠵᠢᠶᠦ᠋ᠨ ᠵᠢᠴᠢ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃  ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ᠂ ᠪᠦᠬᠦ ᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠬᠤᠳᠠ ᠶᠢᠨ ᠠᠵᠤ ᠠᠬᠤᠢ ᠶᠢᠨ ᠠᠵᠢᠯᠯᠠᠭᠠᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯᠯᠠᠭᠠᠨ ᠳᠤ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠠᠵᠢᠯ ᠤᠨ ᠲᠣᠭᠲᠠᠴᠠ ᠶᠢ ᠲᠠᠶᠢᠯᠪᠤᠷᠢᠯᠠᠵᠤ᠂ 2023 ᠣᠨ ᠤ ᠠᠵᠢᠯ ᠤᠨ ᠳ᠋ᠦᠩᠨᠡᠯᠲᠡ ᠵᠢᠴᠢ 2024 ᠣᠨ ᠤ ᠠᠵᠢᠯ ᠤᠨ ᠲᠥᠯᠥᠪᠯᠡᠭᠡ ᠶᠢᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃  ᠬᠤᠷᠠᠯ ᠠᠴᠠᠴᠢᠩᠭᠠᠳᠬᠠᠭᠰᠠᠨ ᠨᠢ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ᠬᠢᠨ ᠬᠤᠳᠠ ᠶᠢᠨ ᠨᠠᠮ ᠤᠨ ᠬᠤᠷᠢᠶ᠎ᠡ ᠶᠢᠨ ᠨᠠᠢᠮᠠᠳᠤᠭᠠᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ᠂ ᠪᠦᠬᠦ ᠬᠤᠳᠠ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠤᠬᠢᠷᠠᠭᠤᠯᠤᠨ ᠪᠠᠶᠢᠷᠢᠯᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠨᠡ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠪᠦᠬᠦ ᠵᠢᠯ ᠤᠨ ᠬᠠᠷᠠᠯᠲᠠ ᠡᠭᠦᠷᠭᠡ ᠶᠢ ᠲᠣᠭᠲᠠᠭᠠᠵᠤ᠂ ᠭᠤᠣᠯ ᠪᠣᠯᠬᠤ ᠭᠦᠢᠴᠡᠳᠬᠡᠯ ᠲᠤᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠬᠤ ᠬᠡᠷᠡᠭᠲᠡᠢ᠃ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠦᠷᠭᠦᠯᠵᠢᠯᠡᠨ ᠰᠠᠶᠢᠲᠤᠷ ᠬᠢᠵᠦ᠂ ᠡᠯ᠎ᠡ ᠵᠦᠢᠯ ᠤᠨ ᠭᠦᠢᠴᠡᠳᠬᠡᠯ ᠲᠤᠭ᠎ᠠ ᠳᠤ ᠴᠢᠭᠯᠡᠭᠦᠯᠦᠨ ᠴᠠᠭ ᠲᠤᠬᠠᠶ ᠳᠤᠨᠢ ᠰᠤᠳᠤᠯᠤᠨ ᠮᠠᠭᠠᠳᠯᠠᠵᠤ ᠵᠠᠳᠠᠯᠤᠯᠲᠠ ᠬᠢᠵᠦ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠬᠠᠲᠠᠭᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠶ᠃ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠬᠦᠴᠦ ᠪᠠᠨ ᠲᠥᠪᠯᠡᠷᠡᠭᠦᠯᠦᠨ ᠰᠠᠶᠢᠲᠤᠷ ᠠᠳᠬᠤᠵᠤ᠂ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠠᠭᠠᠨ ᠠᠵᠢᠯ ᠡᠬᠢᠯᠡᠭᠦᠯᠦᠨ ᠪᠦᠳᠦᠭᠡᠨ ᠪᠠᠶᠢᠭᠤᠯᠬᠤ ᠶᠢ ᠪᠠᠲᠤᠯᠠᠵᠤ᠂ ᠴᠠᠭ ᠤᠨ ᠳᠠᠷᠠᠭᠠᠯᠠᠯ ᠤᠨ ᠠᠬᠢᠴᠠ ᠪᠠᠷ ᠪᠡᠯᠡ ᠣᠷᠣᠭᠤᠯᠤᠯᠲᠠ ᠶᠢ ᠨᠢᠭᠡᠳᠦᠯᠲᠡᠢ ᠪᠣᠯᠭᠠᠵᠤ᠂ ᠣᠨ ᠤ ᠪᠡᠯᠡ ᠣᠷᠣᠭᠤᠯᠤᠯᠲᠠ ᠶᠢᠨ ᠬᠠᠷᠠᠯᠲᠠ ᠪᠠᠨ ᠪᠡᠶᠡᠯᠡᠭᠦᠯᠬᠦ ᠬᠡᠷᠡᠭᠲᠡᠢ᠃ ᠳᠡᠭᠡᠳᠦ ᠱᠠᠲᠤᠨ ᠤ ᠬᠢᠨᠠᠨ ᠰᠢᠯᠭᠠᠵᠤ ᠦᠨᠡᠯᠡᠬᠦ ᠲᠣᠭᠲᠠᠴᠠ ᠶᠢᠨ ᠵᠣᠷᠢᠭ ᠰᠠᠨᠠᠭ᠎ᠠ ᠶᠢ ᠨᠡᠪᠲᠡᠷᠡᠲᠡᠯ᠎ᠡ ᠣᠶᠢᠯᠠᠭᠠᠵᠤ᠂ ︽ᠤᠯᠠᠭᠠᠨ ᠬᠥᠬᠡ ᠨᠣᠭᠤᠭᠠᠨ︾ ᠲᠥᠷᠥᠯ ᠵᠦᠢᠯ ᠤᠨ ᠬᠠᠮᠢᠶᠠᠷᠤᠯᠲᠠ᠂ ᠨᠡᠮᠡᠭᠳᠡᠯ ᠨᠡᠷᠡᠰ ᠤᠨ ᠳᠠᠷᠠᠭᠠᠯᠠᠯ ᠳᠤ ᠬᠤᠪᠢ ᠣᠯᠭᠤᠬᠤ ᠵᠡᠷᠭᠡ ᠬᠢᠨᠠᠨ ᠰᠢᠯᠭᠠᠬᠤ ᠨᠠᠷᠢᠨ ᠲᠦᠷᠢᠮ ᠢ ᠭᠦᠢᠴᠡᠳ ᠰᠤᠳᠤᠯᠵᠤ᠂ ᠡᠯ᠎ᠡ ᠵᠦᠢᠯ ᠤᠨ ᠠᠵᠢᠯ ᠤᠨ ᠳᠤᠲᠠᠭᠤᠳᠠᠯ ᠢ ᠴᠢᠭᠯᠡᠭᠦᠯᠬᠦ ᠴᠢᠨᠠᠷᠲᠠᠶ ᠪᠠᠷ ᠨᠥᠬᠦᠪᠥᠷᠢᠯᠡᠵᠦ᠂ ᠰᠤᠳᠤᠯᠤᠨ ᠮᠠᠭᠠᠳᠯᠠᠵᠤ ᠤᠷᠢᠳᠴᠢᠯᠠᠨ ᠰᠡᠷᠡᠮᠵᠢᠯᠡᠭᠦᠯᠬᠦ᠂ ᠵᠣᠯᠭᠠᠭᠤᠯᠤᠨ ᠵᠣᠬᠢᠴᠠᠭᠤᠯᠬᠤ ᠵᠡᠷᠭᠡ ᠠᠵᠢᠯ ᠢ ᠤᠷᠢᠳᠴᠢᠯᠠᠨ ᠰᠠᠶᠢᠲᠤᠷ ᠬᠢᠵᠦ᠂ ᠬᠢᠨᠠᠨ ᠰᠢᠯᠭᠠᠵᠤ ᠦᠨᠡᠯᠡᠬᠦ ᠦᠶ᠎ᠡ ᠳᠤ ᠬᠠᠮᠤᠭ ᠤᠨ ᠥᠨᠳᠥᠷ ᠬᠢᠷᠢ ᠲᠦᠪᠰᠢᠨ ᠢ ᠢᠯᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃  ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ᠬᠢᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠬᠤ ᠠᠰᠠᠭᠤᠳᠠᠯ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠬᠤ ᠠᠰᠠᠭᠤᠳᠠᠯ᠂ ᠬᠢᠨᠠᠨ ᠪᠤᠳᠤᠬᠤ ᠠᠰᠠᠭᠤᠳᠠᠯ ᠵᠡᠷᠭᠡ ᠲᠠᠯ᠎ᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠰᠠᠶᠢᠲᠤᠷ ᠬᠢᠵᠦ᠂ ᠡᠯ᠎ᠡ ᠲᠦᠷᠦᠯ ᠤᠨ ᠠᠰᠠᠭᠤᠳᠠᠯ ᠢ ᠳᠡᠰ ᠳᠠᠷᠠᠭᠠᠯᠠᠯ ᠲᠠᠢ ᠴᠠᠭ ᠤᠨ ᠠᠬᠢᠴᠠ ᠪᠠᠷ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠳᠤ ᠴᠢᠭᠯᠡᠭᠦᠯᠦᠨ᠂ ᠰᠠᠨᠠᠭᠠᠴᠢᠯᠠᠭ᠎ᠠ ᠠᠴᠠ ᠪᠠᠨ ᠲᠠᠨᠢᠵᠤ᠂ ᠨᠠᠷᠢᠨ ᠲᠠᠩᠰᠠ ᠭᠠᠷᠭᠠᠵᠤ᠂ ᠠᠷᠭ᠎ᠠ ᠬᠡᠮᠵᠢᠶ᠎ᠡ ᠲᠣᠭᠲᠠᠭᠠᠨ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠪᠠ ᠴᠠᠭ ᠤᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠲᠤᠰᠬᠠᠶ ᠬᠥᠮᠦᠨ ᠢᠶᠠᠷ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠵᠤ᠂ ᠡᠭᠦᠷᠭᠡ ᠶᠢ ᠠᠵᠢᠯ ᠤᠨ ᠪᠠᠶᠢᠷᠢᠨ ᠳᠤ ᠬᠦᠷᠦᠭᠦᠯᠬᠦ᠂ ᠬᠠᠷᠢᠭᠤᠴᠠᠯᠭ᠎ᠠ ᠶᠢ ᠬᠥᠮᠦᠨ ᠳᠤ ᠬᠦᠷᠦᠭᠦᠯᠬᠦ᠂ ᠦᠷ᠎ᠡ ᠪᠦᠲᠦᠮᠵᠢ ᠶᠢ ᠪᠣᠳᠠᠲᠠᠶᠢᠵᠢᠭᠤᠯᠬᠤ ᠶᠢ ᠪᠠᠲᠤᠯᠠᠵᠤ᠂ ᠡᠯ᠎ᠡ ᠵᠦᠢᠯ ᠤᠨ ᠬᠠᠷᠠᠯᠲᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠶ᠃ ᠤᠯᠠᠨ ᠲᠦᠮᠡᠨ ᠤ ᠳᠤᠯᠠᠭᠠᠨ ᠪᠦᠯᠢᠶᠡᠨ ᠡᠪᠦᠯ ᠢ ᠥᠩᠭᠡᠷᠡᠭᠦᠯᠬᠦ᠂ ᠠᠷᠠᠳ ᠤᠨ ᠠᠮᠢᠳᠤᠷᠠᠯ ᠤᠨ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ᠂ ᠬᠦᠴᠢᠷᠳᠡᠯᠲᠡᠢ ᠤᠯᠠᠨ ᠲᠦᠮᠡᠨ ᠤ ᠠᠮᠢᠳᠤᠷᠠᠯ ᠢ ᠠᠪᠤᠷᠠᠨ ᠲᠤᠰᠠᠯᠠᠬᠤ᠂ ᠬᠥᠯᠥᠰᠥᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠬᠦ᠂ ᠠᠶᠤᠯᠭᠦᠢ ᠦᠢᠯᠡᠳᠪᠦᠷᠢᠯᠡᠬᠦ᠂ ᠪᠣᠷᠣᠭᠠᠨ ᠴᠠᠰᠤ ᠮᠥᠰᠥᠲᠦᠯ ᠤᠨ ᠴᠠᠭ ᠠᠭᠤᠷ ᠢ ᠰᠡᠷᠭᠡᠶᠢᠯᠡᠬᠦ ᠵᠡᠷᠭᠡ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠤᠯᠠᠨ ᠲᠦᠮᠡᠨ ᠤ ᠪᠠᠶᠠᠷ ᠵᠢᠷᠭᠠᠯ ᠲᠠᠢ ᠪᠠᠷ ᠪᠠᠶᠠᠷ ᠤᠨ ᠡᠳᠦᠷ ᠢᠶᠠᠨ ᠪᠡᠯᠭᠡᠯᠡᠬᠦ ᠶᠢ ᠪᠠᠲᠤᠯᠠᠬᠤ ᠬᠡᠷᠡᠭᠲᠡᠢ᠃  ᠬᠤᠷᠠᠯ ᠠᠴᠠ ᠪᠠᠰᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠬᠤ ᠮᠡᠳᠡᠭᠳᠡᠯ᠂ ᠰᠢ ᠶᠢᠨ ᠫᠢᠩ ᠤ ᠶᠡᠷᠦᠩᠬᠡᠢ ᠱᠦᠵᠢ ᠶᠢᠨ ᠨᠠᠮ ᠵᠠᠰᠠᠭ ᠤᠨ ᠪᠠᠶᠢᠭᠤᠯᠤᠯᠭ᠎ᠠ ᠶᠢᠨ ᠭᠠᠮᠨᠠᠵᠤ ᠠᠮᠢᠳᠤᠷᠠᠬᠤ ᠳᠤ ᠳᠠᠳᠬᠤ ᠶᠢ ᠠᠬᠢᠭᠤᠯᠬᠤ ᠪᠠ ︽ᠰᠢᠨ᠎ᠡ ᠲᠦᠷᠢ ᠲᠥᠷᠬᠦ ᠶᠢᠨ ᠢᠨᠵᠧᠨᠧᠷᠢᠩ︾ ᠢ ᠡᠷᠡᠰ ᠰᠡᠷᠭᠡᠶᠢᠯᠡᠬᠦ ᠪᠠ ᠵᠠᠯᠠᠷᠠᠭᠤᠯᠤᠨ ᠵᠠᠰᠠᠬᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠵᠡᠷᠭᠡ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠣᠩᠨᠢᠭᠤᠳ ᠬᠤᠰᠢᠭᠤᠨ ᠤ ᠡᠷᠲᠡᠨ ᠤ ᠤᠷᠠᠯᠢᠭ ᠤᠨ ᠮᠦᠽᠧᠶ ᠶᠢᠨ ᠬᠠᠨᠳᠢᠪᠯᠠᠭᠰᠠᠨ ᠬᠠᠭᠤᠴᠢᠨ ᠡᠳ᠋ ᠪᠣᠳᠠᠰ᠂ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠡᠳ᠋ ᠪᠣᠳᠠᠰ ᠤᠨ ᠬᠠᠳᠠᠭᠠᠯᠠᠮᠵᠢ ᠶᠢᠨ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠂ ᠪᠥᠬᠦ ᠬᠤᠰᠢᠭᠤᠨ ᠤ ᠬᠤᠲᠠ ᠪᠠᠯᠭᠠᠰᠤ ᠶᠢᠨ ᠢᠯᠴᠢ ᠬᠠᠩᠭᠠᠬᠤ ᠵᠡᠷᠭᠡ ᠬᠠᠮᠢᠶ᠎ᠠ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃  ᠬᠤᠷᠠᠯ ᠠᠴᠠ ᠡᠮᠦᠨ᠎ᠡ᠂ ᠵᠣᠣ ᠶᠠᠨ ᠬᠤᠩ 2024 ᠣᠨ ᠤ ᠠᠩᠬᠠᠳᠤᠭᠠᠷ ᠤᠳᠠᠭᠠᠨ ᠤ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠠᠴᠠ ᠲᠥᠪᠯᠡᠷᠡᠭᠦᠯᠦᠨ ᠰᠤᠷᠤᠯᠴᠠᠭᠰᠠᠨ ᠪᠥᠭᠡᠳ ᠭᠤᠷᠪᠠᠨ ᠴᠢᠬᠤᠯᠠ ᠨᠢᠭᠡ ᠶᠡᠭᠡ ᠶᠠᠪᠤᠳᠠᠯ ᠢ ᠬᠢᠨᠠᠨ ᠵᠥᠪᠯᠡᠵᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号