ᠲᠥᠷᠥ ᠶᠢᠨ ᠶᠠᠪᠤᠳᠠᠯ ᠤᠨ ᠬᠤᠷᠢᠶ᠎ᠠ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠴᠢᠨᠠᠭᠰᠢᠳᠠ ᠤᠯᠠᠮ ᠰᠢᠯᠢᠳᠡᠭᠵᠢᠭᠦᠯᠵᠦ ᠵᠠᠰᠠᠭ ᠵᠠᠬᠢᠷᠭᠠᠨ ᠤ ᠦᠢᠯᠡᠳᠦᠯ ᠴᠢᠳᠠᠮᠵᠢ ᠶᠢ ᠳᠡᠭᠡᠭᠰᠢᠯᠡᠭᠦᠯᠦᠨ ︿ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ﹀ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/1/25
 ᠰᠢᠨᠬᠤᠸᠠ ᠬᠤᠷᠢᠶᠠᠨ ᠤ ᠪᠡᠭᠡᠵᠢᠩ ᠤᠨ 1 ᠳ᠋ᠦ᠋ᠭᠡᠷ ᠰᠠᠷ᠎ᠠ ᠶᠢᠨ 16 ᠤ ᠡᠳᠦᠷ ᠤᠨ ᠴᠠᠬᠢᠯᠭᠠᠨ ᠮᠡᠳᠡᠭᠡ   ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶ᠎ᠠ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠴᠢᠨᠠᠭᠰᠢᠳᠠ ᠤᠯᠠᠮ ᠰᠢᠯᠢᠳᠡᠭᠵᠢᠭᠦᠯᠵᠦ ᠵᠠᠰᠠᠭ ᠵᠠᠬᠢᠷᠭᠠᠨ ᠤ ᠦᠢᠯᠡᠳᠦᠯ ᠴᠢᠳᠠᠮᠵᠢ ᠶᠢ ᠳᠡᠭᠡᠭᠰᠢᠯᠡᠭᠦᠯᠦᠨ ︿ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ﹀ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ᠳᠣᠷᠣᠭᠰᠢ ︽ᠵᠢᠯᠤᠭᠤᠳᠬᠤ ᠰᠠᠨᠠᠯ︾ ᠭᠡᠵᠦ ᠲᠣᠪᠴᠢᠯᠠᠪᠠ ︶ ᠢ ᠳᠠᠷᠤᠮᠠᠯᠯᠠᠨ ᠲᠠᠷᠬᠠᠭᠠᠭᠠᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠨᠠᠷ ᠢ ᠳᠡᠭᠡᠭᠰᠢᠯᠡᠭᠦᠯᠦᠨ ᠠᠰᠢᠭ ᠢ ᠨᠡᠮᠡᠭᠳᠡᠭᠦᠯᠬᠦ ᠶᠢ ᠭᠦᠨᠵᠡᠭᠡᠢ ᠠᠬᠢᠭᠤᠯᠵᠤ᠂ ᠨᠠᠩ ᠣᠯᠠᠨ ᠬᠦᠷᠢᠶ᠎ᠡ ᠨᠠᠩ ᠶᠡᠭᠡ ᠬᠡᠪᠴᠢᠶᠡᠨ ᠳᠤ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ ︾ ᠶᠢ ᠪᠡᠶᠡᠯᠡᠭᠦᠯᠬᠦ ᠲᠤᠬᠠᠢ ᠪᠠᠶᠢᠷᠢᠯᠠᠭᠤᠯᠤᠭᠰᠠᠨ ᠪᠠᠶᠢᠨ᠎ᠠ ᠃      ︽ᠵᠢᠯᠤᠭᠤᠳᠬᠤ ᠰᠠᠨᠠᠯ︾ ᠳᠤ᠂ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ ︾ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ᠂ ᠵᠠᠰᠠᠭ ᠵᠠᠬᠢᠷᠭᠠᠨ ᠤ ᠦᠢᠯᠡᠳᠦᠯ ᠴᠢᠳᠠᠮᠵᠢ ᠶᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭᠠᠨ ᠂ ᠪᠦᠬᠦᠯᠢ ᠴᠣᠭᠴᠠᠲᠤ ᠲᠥᠯᠥᠪᠯᠡᠭᠡ ᠶᠢ ᠴᠢᠩᠭᠠᠳᠬᠠᠵᠤ᠂ ᠵᠠᠭᠪᠤᠷ ᠤᠨ ᠰᠢᠨᠡᠴᠢᠯᠡᠯᠲᠡ ᠶᠢ ᠠᠬᠢᠭᠤᠯᠵᠤ᠂ ᠥᠭᠡᠷᠡᠴᠢᠯᠡᠯᠲᠡ ᠪᠠᠷ ᠬᠥᠲᠥᠯᠥᠨ ᠳᠠᠭᠠᠭᠤᠯᠬᠤ ᠪᠠ ᠲᠣᠭᠠᠴᠢᠯᠠᠯᠲᠠ ᠪᠠᠷ ᠬᠦᠴᠦᠨ ᠴᠢᠳᠠᠮᠵᠢ ᠣᠯᠭᠤᠬᠤ ᠬᠤᠶᠠᠷ ᠬᠦᠷᠳᠦᠲᠦ ᠬᠥᠳᠡᠯᠭᠡᠭᠦᠷ ᠢ ᠴᠢᠬᠤᠯᠠᠴᠢᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠶᠢ ᠤᠶᠠᠯᠳᠤᠭᠤᠯᠤᠨ ᠬᠥᠭᠵᠢᠭᠦᠯᠬᠦ ᠶᠢ ᠠᠬᠢᠭᠤᠯᠵᠤ᠂ ᠠᠵᠢᠯ ᠶᠠᠪᠤᠳᠠᠯ ᠭᠦᠢᠴᠡᠳᠬᠡᠬᠦ ᠠᠷᠭ᠎ᠠ ᠮᠠᠶ᠋ᠢᠭ ᠣᠯᠠᠨ ᠡᠰᠢᠲᠦ ᠂ ᠴᠤᠪᠤᠷᠠᠯ ᠬᠠᠮᠤᠭ ᠰᠢᠯᠢᠳᠡᠭ ᠂ ᠮᠠᠲ᠋ᠧᠷᠢᠶᠠᠯ ᠬᠠᠮᠤᠭ ᠳᠦᠬᠦᠮ ᠂ ᠥᠪᠡᠷ ᠤᠨ ᠥᠷᠲᠡᠭ ᠬᠠᠮᠤᠭ ᠳᠣᠣᠷ᠎ᠠ ᠪᠣᠯᠭᠠᠬᠤ ᠶᠢ ᠪᠡᠶᠡᠯᠡᠭᠦᠯᠵᠦ᠂ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶᠢᠯᠠᠯ ᠳᠤ ᠠᠰᠢᠭ ᠬᠦᠷᠲᠡᠭᠡᠨ ᠠᠷᠠᠳ ᠲᠤ ᠲᠥᠬᠦᠮ ᠦᠵᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠢ ᠭᠡᠵᠦ ᠵᠢᠭᠠᠨ ᠭᠠᠷᠭᠠᠵᠠᠢ ᠃      ︽ᠵᠢᠯᠤᠭᠤᠳᠬᠤ ᠰᠠᠨᠠᠯ︾ ᠳᠤ ᠬᠤᠶᠠᠷ ᠱᠠᠲᠤᠨ ᠤ ᠠᠵᠢᠯ ᠤᠨ ᠬᠠᠷᠠᠯᠲᠠ ᠶᠢ ᠲᠤᠷᠠᠳᠪᠠ ᠃ 2024 ᠣᠨ ᠳᠤ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ ︾ ᠭᠤᠣᠯᠳᠠᠯᠭ᠎ᠠ ᠲᠠᠢ ᠵᠦᠢᠯᠡᠰ ᠤᠨ ᠨᠠᠷᠢᠨ ᠲᠠᠩᠰᠠ ᠶᠢᠨ ᠬᠠᠮᠢᠶᠠᠷᠤᠯᠲᠠ ᠶᠢᠨ ᠲᠣᠭᠲᠠᠴᠠ ᠪᠠ ᠪᠠᠶᠢᠩᠭᠤᠰᠢᠭᠤᠯᠤᠨ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ ᠂ ᠨᠢᠭᠡᠳᠦᠭᠡᠷ ᠪᠦᠯᠦᠭ ᠥᠨᠳᠥᠷ ᠳᠠᠪᠲᠠᠮᠵᠢ ᠲᠠᠢ᠂ ᠥᠷᠭᠡᠨ ᠬᠡᠪᠴᠢᠶ᠎ᠡ ᠲᠠᠢ᠂ ᠦᠯᠡᠮᠵᠢ ᠠᠰᠠᠭᠤᠳᠠᠯ ᠲᠠᠢ ︽ᠨᠢᠭᠡ ᠠᠵᠢᠯ ᠶᠠᠪᠤᠳᠠᠯ ︾ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ ᠶᠢ ᠪᠡᠶᠡᠯᠡᠭᠦᠯᠦᠨ᠎ᠡ᠃ 2027 ᠣᠨ ᠪᠣᠯᠬᠤ ᠳᠤ᠂ ᠨᠡᠶᠢᠳᠡᠮ ᠬᠦᠷᠲᠡᠬᠦᠶᠢᠴᠡ ᠂ ᠣᠶᠤᠨᠯᠢᠭ ᠳᠥᠭᠦᠮ ᠳᠥᠲᠡ᠂ ᠡᠷᠬᠡ ᠲᠡᠭᠰᠢ ᠲᠦᠭᠡᠮᠡᠯ ᠬᠦᠷᠲᠡᠭᠡᠮᠵᠢᠲᠦ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠦᠨᠳᠦᠰᠦᠨ ᠳᠤ  ᠨᠢ ᠪᠦᠷᠢᠯᠳᠦᠭᠦᠯᠦᠨ ᠂ ᠠᠵᠤ ᠠᠬᠤᠶᠢᠯᠠᠯ ᠪᠠ ᠬᠤᠪᠢ ᠬᠥᠮᠥᠨ ᠤ ᠬᠤᠶᠠᠷ ᠪᠦᠬᠦᠯᠢ ᠠᠮᠢ ᠨᠠᠰᠤᠨ ᠤ ᠦᠶᠡᠯᠡᠯ ᠤᠨ ᠴᠢᠬᠤᠯᠠ ᠱᠠᠲᠤᠨ ᠳᠤ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ ︾ ᠭᠤᠣᠯᠳᠠᠯᠭ᠎ᠠ ᠲᠠᠢ ᠵᠦᠢᠯᠡᠰ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠬᠠᠨᠤᠮᠵᠢᠲᠠᠶ ᠪᠠᠶᠢᠬᠤ ᠬᠡᠮᠵᠢᠶ᠎ᠡ᠂ ᠬᠦᠷᠲᠡᠮᠵᠢ ᠶᠢᠨ ᠲᠥᠷᠥᠭᠳᠡᠯ ᠢ ᠶᠡᠭᠡ ᠪᠠᠷ ᠳᠡᠭᠡᠭᠰᠢᠯᠡᠭᠦᠯᠦᠨ᠎ᠡ᠃      ︽ᠵᠢᠯᠤᠭᠤᠳᠬᠤ ᠰᠠᠨᠠᠯ︾ ᠳᠤ 5 ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠳᠤᠷᠠᠳᠴᠠᠢ ᠃ ᠨᠢᠭᠡ ᠳᠤ ᠂ ᠠᠷᠭ᠎ᠠ ᠵᠠᠮ ᠤᠨ ᠪᠠᠶᠢᠭᠤᠯᠤᠯᠲᠠ ᠶᠢ ᠴᠢᠩᠭᠠᠳᠬᠠᠨ ᠂ ᠰᠦᠯᠵᠢᠶᠡᠨ ᠠᠴᠠ ᠭᠠᠳᠠᠭᠤᠷ ᠠᠵᠢᠯ ᠶᠠᠪᠤᠳᠠᠯ ᠭᠦᠢᠴᠡᠳᠬᠡᠬᠦ ᠳᠤ ︽ ᠭᠠᠭᠴᠠᠬᠠᠨ ᠡᠭᠦᠳᠡ ᠪᠠᠷ ᠣᠷᠣᠬᠤ︾ ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠳᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ︽ᠨᠢᠭᠡ ᠯᠠ ᠤᠲᠠᠰᠤ ᠪᠠᠷ ᠬᠠᠷᠢᠭᠤᠯᠬᠤ︾ ᠶᠢ ᠠᠬᠢᠭᠤᠯᠤᠨ᠎ᠠ᠃ ᠬᠤᠶᠠᠷ ᠲᠤ᠂ ᠵᠠᠭᠪᠤᠷ ᠤᠨ ᠰᠢᠨᠡᠴᠢᠯᠡᠯᠲᠡ ᠶᠢ ᠭᠦᠨᠵᠡᠭᠡᠶᠢᠷᠡᠭᠦᠯᠵᠦ ᠂ ᠬᠤᠯᠪᠣᠭᠳᠠᠬᠤ ᠵᠦᠢᠯᠡᠰ ᠢ ᠲᠥᠪᠯᠡᠷᠡᠭᠦᠯᠦᠨ ᠭᠦᠢᠴᠡᠳᠬᠡᠬᠦ ᠂ ᠲᠤᠲᠠᠭᠳᠠᠬᠤ ᠵᠦᠢᠯᠡᠰ ᠢ ᠠᠮᠠᠯᠠᠨ ᠭᠦᠢᠴᠡᠳᠬᠡᠬᠦ ᠂ ᠣᠨᠳᠣᠣ ᠭᠠᠵᠠᠷ ᠤᠨ ᠵᠦᠢᠯᠡᠰ ᠢ ᠣᠷᠣᠨ ᠪᠦᠰᠡ ᠠᠯᠤᠰᠯᠠᠨ ᠭᠦᠢᠴᠡᠳᠬᠡᠬᠦ ᠂ ᠲᠦᠷᠦ ᠶᠢᠨ ᠪᠣᠳᠣᠯᠭ᠎ᠠ ᠶᠢᠨ ᠦᠢᠯᠡᠴᠢᠯᠡᠭᠡ ᠶᠢ ᠭᠤᠶᠤᠴᠢᠯᠠᠬᠤ ᠠᠴᠠ ᠬᠡᠯᠲᠦᠷᠢᠭᠦᠯᠦᠨ ᠭᠦᠢᠴᠡᠳᠬᠡᠬᠦ ᠶᠢ ᠠᠬᠢᠭᠤᠯᠤᠨ᠎ᠠ ᠃ ᠭᠤᠷᠪᠠ ᠳᠤ ᠂ ᠲᠣᠭᠠᠴᠢᠯᠠᠯᠲᠠ ᠪᠠᠷ ᠬᠦᠴᠦᠨ ᠴᠢᠳᠠᠮᠵᠢ ᠣᠯᠭᠤᠬᠤ ᠶᠢ ᠴᠢᠩᠭᠠᠳᠬᠠᠵᠤ ᠂ ᠪᠦᠬᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠶᠡᠷᠦᠩᠬᠡᠢ ᠬᠦᠢᠰᠦ ᠶᠢ ᠪᠠᠶᠢᠭᠤᠯᠵᠤ ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠤᠪᠢᠶᠠᠯᠴᠠᠬᠤ ᠪᠣᠳᠠᠲᠤ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ ᠂ ᠪᠦᠬᠦ ᠶᠠᠪᠤᠴᠠ ᠳᠤ ᠰᠢᠨ᠎ᠡ ᠮᠡᠷᠭᠡᠵᠢᠯ ᠬᠡᠷᠡᠭᠯᠡᠬᠦ ᠶᠢ ᠦᠷᠭᠦᠯᠵᠢᠯᠡᠨ ᠴᠢᠩᠭᠠᠳᠬᠠᠨ᠎ᠠ ᠃ ᠳᠥᠷᠪᠡ ᠳᠤ ᠂ ᠬᠡᠪᠴᠢᠶ᠎ᠡ ᠶᠢ ᠥᠷᠭᠡᠳᠬᠡᠨ ᠠᠰᠢᠭ ᠢ ᠨᠡᠮᠡᠭᠳᠡᠭᠦᠯᠬᠦ ᠶᠢ ᠠᠬᠢᠭᠤᠯᠤᠨ᠂ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠵᠤ ᠂ ᠦᠷᠳᠡᠭ ᠨᠡᠮᠡᠭᠳᠡᠯ ᠤᠨ ᠦᠢᠯᠡᠴᠢᠯᠡᠭᠡᠨ ᠤ ᠠᠭᠤᠯᠭ᠎ᠠ ᠶᠢ ᠥᠷᠭᠡᠳᠬᠡᠨ᠎ᠡ ᠃ ᠲᠠᠪᠤ ᠳᠤ᠂ ᠠᠵᠢᠯ ᠤᠨ ᠰᠠᠭᠤᠷᠢ ᠶᠢ ᠪᠠᠬᠢᠵᠢᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠨ ᠤ ᠲᠣᠭᠲᠠᠯᠴᠠᠭ᠎ᠠ ᠬᠢᠭᠡᠳ ᠠᠵᠢᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠦᠷᠢᠮ ᠤᠨ ᠬᠠᠩᠭᠠᠯᠭ᠎ᠠ ᠶᠢ ᠡᠷᠴᠢᠮᠯᠡᠨ᠎ᠡ᠃      ︽ᠵᠢᠯᠤᠭᠤᠳᠬᠤ ᠰᠠᠨᠠᠯ︾ ᠳᠤ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ ︾ ᠨᠢᠭᠡᠳᠦᠭᠡᠷ ᠪᠦᠯᠦᠭ ᠤᠨ 13 ᠭᠤᠣᠯᠳᠠᠯᠭ᠎ᠠ ᠲᠠᠢ ᠵᠦᠢᠯᠡᠰ ᠤᠨ ᠨᠠᠷᠢᠨ ᠲᠠᠩᠰᠠ ᠶᠢ ᠲᠣᠳᠤᠷᠬᠠᠶᠢᠯᠠᠵᠠᠢ ᠃ ᠡᠭᠦᠨ ᠳᠤ᠂ ᠡᠵᠡᠩᠨᠡᠬᠦ ᠭᠤᠣᠯ ᠴᠣᠭᠴᠠ ᠶᠢᠨ ᠠᠵᠢᠯ ᠶᠠᠪᠤᠳᠠᠯ ᠭᠦᠢᠴᠡᠳᠬᠡᠬᠦ ᠳᠤ ᠬᠠᠷᠢᠶᠠᠯᠠᠭᠳᠠᠬᠤ ᠨᠢ 8 ᠵᠦᠢᠯ ᠪᠣᠶ᠂ ᠳᠠᠷᠤᠢ ᠲᠡᠭᠡᠭᠡᠪᠦᠷᠢ ᠶᠢᠨ ᠠᠵᠤ ᠠᠬᠤᠶᠢᠯᠠᠯ ᠡᠷᠭᠢᠯᠡᠬᠦ᠂ ᠤᠰᠤ ᠴᠠᠬᠢᠯᠭᠠᠨ ᠬᠡᠢ ᠰᠦᠯᠵᠢᠶ᠎ᠡ ᠶᠢ ᠬᠠᠮᠲᠤᠷᠠᠭᠤᠯᠤᠨ ᠤᠭᠰᠠᠷᠠᠬᠤ᠂ ᠢᠲᠡᠭᠡᠮᠵᠢ ᠪᠠᠨ ᠰᠡᠷᠭᠦᠭᠡᠬᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠬᠠᠤᠯᠢ ᠶᠣᠰᠣᠨ ᠤ ᠲᠣᠭᠲᠠᠭᠠᠯ ᠳᠤ ᠨᠡᠶᠢᠴᠡᠭᠰᠡᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ᠂ ᠠᠵᠤ ᠠᠬᠤᠶᠢᠯᠠᠯ ᠤᠨ ᠳᠠᠩᠰᠠᠯᠠᠯᠲᠠ ᠶᠢ ᠴᠣᠴᠠᠯᠬᠤ ᠵᠡᠷᠭᠡ ᠶᠢ ᠪᠠᠭᠲᠠᠭᠠᠨ᠎ᠠ ᠃ ᠬᠤᠪᠢ ᠬᠦᠮᠦᠨ ᠤ ᠠᠵᠢᠯ ᠶᠠᠪᠤᠳᠠᠯ ᠭᠦᠢᠴᠡᠳᠬᠡᠬᠦ ᠳᠤ ᠬᠠᠷᠢᠶᠠᠯᠠᠭᠳᠠᠬᠤ ᠨᠢ 5 ᠵᠦᠢᠯ ᠪᠣᠶ ᠂ ᠳᠠᠷᠤᠢ ᠰᠤᠷᠭᠠᠭᠤᠯᠢ ᠳᠤ ᠣᠷᠣᠬᠤ᠂ ᠰᠠᠭᠤᠭᠠᠯᠢ ᠠᠷᠠᠳ ᠤᠨ ᠨᠡᠶᠢᠭᠡᠮ ᠤᠨ ᠪᠠᠲᠤᠯᠠᠭᠠᠨ ᠤ ᠺᠠᠷᠲ ᠤᠨ ᠦᠢᠯᠡᠴᠢᠯᠡᠭᠡ᠂ ᠵᠡᠮᠳᠡᠭᠴᠦᠳ  ᠲᠠᠬᠢ ᠦᠢᠯᠡᠴᠢᠯᠡᠭᠡ ᠵᠡᠷᠭᠡ ᠶᠢ ᠪᠠᠭᠲᠠᠭᠠᠨ᠎ᠠ ᠃      ︽ ᠵᠢᠯᠤᠭᠤᠳᠬᠤ ᠰᠠᠨᠠᠯ ︾ ᠳᠤ ᠂ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ ︾ ᠪᠠᠷ ᠭᠤᠣᠯᠳᠠᠭᠤᠯᠵᠤ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠤᠬᠠᠭᠤᠯᠤᠨ ᠳᠡᠯᠭᠡᠷᠡᠭᠦᠯᠬᠦ ᠪᠠᠨ ᠡᠷᠴᠢᠮᠯᠡᠵᠦ᠂ ᠡᠯ᠎ᠡ ᠱᠠᠲᠤᠨ ᠤ ᠣᠷᠣᠨ ᠨᠤᠲᠤᠭ ᠤᠨ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠨ᠂ ᠡᠯᠪᠡᠨ ᠬᠠᠮᠵᠢᠯᠴᠠᠬᠤ ᠪᠠᠨ ᠴᠢᠩᠭᠠᠳᠬᠠᠵᠤ ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ ᠃ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ ᠂ ᠲᠤᠷᠰᠢᠵᠤ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ ᠂ ᠥᠭᠡᠷᠡᠴᠢᠯᠡᠯᠲᠡ ᠰᠢᠨᠡᠴᠢᠯᠡᠯᠲᠡ ᠬᠢᠬᠦ᠂ ᠵᠣᠷᠢᠭᠲᠠᠢ ᠪᠠᠷ ᠬᠠᠶᠢᠨ ᠰᠦᠪᠡᠭᠴᠢᠯᠡᠬᠦ ᠶᠢ ᠵᠣᠷᠢᠭᠵᠢᠭᠤᠯᠵᠤ ᠂ ᠨᠢᠭᠡ ᠪᠦᠯᠦᠭ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ ︾ ᠭᠤᠤᠳᠠᠯᠭ᠎ᠠ ᠲᠠᠢ ᠵᠦᠢᠯᠡᠰ ᠢ ᠵᠢᠯ ᠳᠠᠷᠠᠭᠠᠯᠠᠨ ᠭᠠᠷᠭᠠᠵᠤ ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃ 
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号