︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠦᠨ ᠤᠯᠠᠷᠢᠯ ᠤᠨ ᠲᠠᠮᠢᠷ ᠤᠨ ᠴᠤᠭᠯᠠᠭᠠᠨ︾ ᠤ ᠢᠳᠡᠭᠡᠨ ᠪᠠ ᠡᠮ ᠤᠨ ᠵᠦᠢᠯ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠶᠠᠮᠤᠨ ᠬᠠᠷᠠᠴᠢᠨ ᠤᠷᠤᠯᠳᠤᠭᠠᠨ ᠤ ᠲᠣᠭᠤᠷᠢᠭ ᠤᠨ ᠵᠣᠴᠢᠯᠠᠬᠤ ᠪᠠᠭᠤᠳᠠᠯ ᠤᠨ ᠢᠳᠡᠭᠡᠨ ᠤᠮᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠬᠢᠨᠠᠨ ᠪᠠᠢᠴᠠᠭᠠᠪᠠ
ᠨᠡᠶᠢᠲᠡᠯᠡᠭᠰᠡᠨ ᠴᠠᠭ᠄
2024/1/8
  ︽ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠦᠨ ᠤᠯᠠᠷᠢᠯ ᠤᠨ ᠲᠠᠮᠢᠷ ᠤᠨ ᠴᠤᠭᠯᠠᠭᠠᠨ︾ ᠤ ᠢᠳᠡᠭᠡᠨ ᠪᠠ ᠡᠮ ᠤᠨ ᠵᠦᠢᠯ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠶᠠᠮᠤᠨ ᠬᠠᠷᠠᠴᠢᠨ ᠤᠷᠤᠯᠳᠤᠭᠠᠨ ᠤ ᠲᠣᠭᠤᠷᠢᠭ ᠤᠨ ᠵᠣᠴᠢᠯᠠᠬᠤ ᠪᠠᠭᠤᠳᠠᠯ ᠤᠨ ᠢᠳᠡᠭᠡᠨ ᠤᠮᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠬᠢᠨᠠᠨ ᠪᠠᠢᠴᠠᠭᠠᠪᠠ  1 ᠳ᠋ᠦᠭᠡᠷ ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠨᠢᠩ ᠶᠦᠨ ᠹᠧᠶ ︽ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠦᠨ ᠤᠯᠠᠷᠢᠯ ᠤᠨ ᠲᠠᠮᠢᠷ ᠤᠨ ᠴᠤᠭᠯᠠᠭᠠᠨ ︾ ᠤ ᠬᠠᠷᠠᠴᠢᠨ ᠤᠷᠤᠯᠳᠤᠭᠠᠨ ᠤ ᠲᠣᠭᠤᠷᠢᠭ ᠤᠨ ᠵᠣᠴᠢᠯᠠᠬᠤ ᠪᠠᠭᠤᠳᠠᠯ ᠤᠨ ᠢᠳᠡᠭᠡᠨ ᠤᠮᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠷᠧᠨ ᠬᠠᠶ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠤᠸᠠᠩ ᠸᠧᠨ ᠳ᠋ᠢ᠂ ︽ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠦᠨ ᠤᠯᠠᠷᠢᠯ ᠤᠨ ᠲᠠᠮᠢᠷ ᠤᠨ ᠴᠤᠭᠯᠠᠭᠠᠨ ︾ ᠤ ᠬᠠᠷᠠᠴᠢᠨ ᠤᠷᠤᠯᠳᠤᠭᠠᠨ ᠤ ᠲᠣᠭᠤᠷᠢᠭ ᠤᠨ ᠢᠳᠡᠭᠡᠨ ᠪᠠ ᠡᠮ ᠤᠨ ᠵᠦᠢᠯ ᠤᠨ ᠪᠠᠲᠤᠯᠠᠭ᠎ᠠ ᠶᠢᠨ ᠳᠤᠭᠤᠶᠢᠯᠠᠩ ᠤᠨ ᠳᠠᠷᠤᠭ᠎ᠠ ᠵᠢᠶ ᠹᠧᠩ ᠵᠢᠶᠦ᠋ᠨ ᠪᠠᠷ᠎ᠠ ᠪᠣᠯᠪᠠ᠃  ᠰᠢᠪᠠᠳᠠᠨ ᠵᠢᠯᠣᠭᠤᠳᠬᠤ ᠳᠤᠭᠤᠶᠢᠯᠠᠩ ᠤᠨ ᠬᠢᠨ ᠤᠷᠢᠳ ᠬᠤᠵᠢᠳ ᠲᠠᠮᠢᠷᠴᠢᠳ ᠤᠨ ᠲᠦᠭᠰᠢᠭᠦᠷᠢᠲᠦ ᠢᠳᠡᠭᠡᠨ ᠤ ᠮᠠᠲ᠋ᠧᠷᠢᠶᠠᠯ ᠤᠨ ᠬᠦᠢᠲᠡᠨ ᠬᠥᠮᠥᠷᠭᠡ᠂ ᠮᠧᠶ ᠯᠢᠨ ᠬᠥ᠋ ᠶᠡᠭᠡ ᠪᠠᠭᠤᠳᠠᠯ ᠤᠨ ᠲᠣᠭᠤᠭᠠᠨ ᠬᠡᠷ᠂ ᠽᠢ ᠵᠢᠶ ᠱᠠᠨ ᠪᠠᠭᠤᠳᠠᠯ ᠤᠨ ᠲᠣᠭᠤᠭᠠᠨ ᠬᠡᠷ ᠵᠢᠴᠢ ᠲᠦᠭᠦᠬᠡᠶ ᠮᠠᠲ᠋ᠧᠷᠢᠶᠠᠯ ᠤᠨ ᠬᠥᠮᠥᠷᠭᠡ᠂ ᠢᠳᠡᠭᠡᠨ ᠤ ᠠᠮᠤᠷ ᠲᠦᠪᠰᠢᠨ ᠢ ᠲᠦᠷᠭᠡᠨ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ᠂ ᠢᠳᠡᠭᠡᠨ ᠪᠠ ᠡᠮ ᠤᠨ ᠵᠦᠢᠯ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠵᠢᠯᠣᠭᠤᠳᠬᠤ ᠲᠠᠰᠤᠭ ᠲᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠡᠶ᠃ ᠠᠶᠤᠯ ᠲᠦᠭᠰᠢᠭᠦᠷᠢ ᠶᠡᠬᠡᠲᠡᠶ ᠢᠳᠡᠭᠡᠨ ᠤ ᠮᠠᠲ᠋ᠧᠷᠢᠶᠠᠯ ᠢ ᠬᠠᠳᠠᠭᠠᠯᠠᠬᠤ ᠵᠢᠴᠢ ᠰᠤᠭᠤᠯᠤᠨ ᠪᠠᠶᠢᠴᠠᠭᠠᠬᠤ᠂ ᠵᠣᠴᠢᠳ ᠤᠨ ᠪᠠᠭᠤᠳᠠᠯ ᠤᠨ ᠴᠢᠬᠤᠯᠠ ᠶᠡᠭᠡ ᠠᠵᠢᠯᠯᠠᠭ᠎ᠠ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠬᠠᠮᠢᠶᠠᠷᠤᠯᠲᠠ᠂ ᠴᠢᠬᠤᠯᠠ ᠶᠡᠭᠡ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢᠨ ᠦᠵᠦᠭᠦᠷ ᠤᠨ ᠠᠵᠢᠯᠯᠠᠭᠠᠨ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠵᠣᠴᠢᠳ ᠤᠨ ᠪᠠᠭᠤᠳᠠᠯ ᠤᠨ ᠢᠳᠡᠭᠡᠨ ᠤ ᠲᠦᠭᠦᠬᠡᠶ ᠮᠠᠲ᠋ᠧᠷᠢᠶᠠᠯ ᠪᠠ ᠲᠤᠰᠠᠯᠠᠬᠤ ᠮᠠᠲ᠋ᠧᠷᠢᠶᠠᠯ ᠢ ᠬᠤᠳᠠᠯᠳᠤᠨ ᠠᠪᠬᠤ᠂ ᠬᠠᠳᠠᠭᠠᠯᠠᠬᠤ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠢᠳᠡᠭᠡᠨ ᠢ ᠤᠬᠢᠶᠠᠨ ᠴᠡᠪᠡᠷᠯᠡᠵᠦ ᠬᠡᠷᠴᠢᠨ ᠨᠠᠶᠢᠷᠠᠭᠤᠯᠬᠤ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠤᠬᠢᠶᠠᠨ ᠴᠡᠪᠡᠷᠯᠡᠵᠦ ᠠᠷᠢᠭᠤᠳᠬᠠᠬᠤ᠂ ᠢᠳᠡᠭᠡᠨ ᠢ ᠪᠣᠯᠪᠠᠰᠤᠷᠠᠭᠤᠯᠬᠤ ᠵᠢᠴᠢ ᠥᠯᠢᠭᠡᠷ ᠡᠳ᠋ ᠦᠯᠡᠳᠡᠭᠡᠬᠦ᠂ ᠠᠵᠢᠯᠯᠠᠬᠤ ᠲᠠᠰᠤᠭ ᠤᠨ ᠠᠷᠢᠭᠤᠨ ᠴᠡᠪᠡᠷ ᠣᠷᠴᠢᠨ ᠲᠣᠭᠤᠷᠢᠨ ᠵᠡᠷᠭᠡ ᠡᠯ᠎ᠡ ᠲᠠᠯ᠎ᠠ ᠳᠤ ᠲᠤᠬᠠᠶ ᠶᠢᠨ ᠲᠠᠯᠠᠪᠤᠷ ᠤᠨ ᠵᠢᠯᠣᠭᠤᠳᠣᠯᠭ᠎ᠠ ᠬᠢᠵᠡᠶ᠃  ᠨᠢᠩ ᠶᠦᠨ ᠹᠸᠢ ᠴᠢᠬᠤᠯᠠᠴᠢᠯᠠᠬᠤ ᠳᠠᠭᠠᠨ᠂ ︽ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠦᠨ ᠤᠯᠠᠷᠢᠯ ᠤᠨ ᠲᠠᠮᠢᠷ ᠤᠨ ᠴᠤᠭᠯᠠᠭᠠᠨ︾ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬ᠎ᠠ ᠤᠳᠠᠭ᠎ᠠ ᠳᠠᠭᠠᠭᠠᠴᠢᠯᠠᠨ ᠡᠷᠭᠢᠯᠡᠭᠰᠡᠨ ᠪᠦᠬᠦ ᠤᠯᠤᠰ ᠤᠨ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠴᠢᠨᠠᠷᠲᠠᠶ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠪᠣᠯᠤᠨ᠎ᠠ᠂ ᠣᠳᠣ ᠨᠢᠭᠡᠨᠲᠡ ᠪᠦᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠰᠢᠢᠳᠪᠦᠷᠢᠲᠦ ᠪᠠᠶᠢᠯᠳᠤᠭᠠᠨ ᠬᠢᠵᠦ ᠢᠯᠠᠯᠲᠠ ᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠭᠠᠳ ᠪᠠᠶᠢᠨ᠎ᠠ᠂ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠤᠷᠤᠯᠳᠤᠭᠠᠨ ᠠᠴᠠ ᠡᠮᠦᠨ᠎ᠡ ᠪᠥᠬᠦ ᠬᠦᠴᠦᠨ ᠵᠦᠢᠯ ᠪᠥᠬᠦ ᠶᠠᠪᠤᠴᠠ ᠶᠢ ᠵᠣᠬᠢᠶᠠᠨ ᠪᠠᠶᠢᠭᠤᠯᠤᠨ ᠡᠭᠦᠷᠭᠡᠯᠡᠨ ᠰᠣᠷᠢᠯᠲᠠ ᠬᠢᠵᠦ᠂ ᠴᠢᠬᠤᠯᠠ ᠶᠡᠭᠡ ᠠᠵᠢᠯᠯᠠᠭ᠎ᠠ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠪᠠᠲᠤᠯᠠᠭ᠎ᠠ ᠶᠢᠨ ᠲᠤᠷᠰᠢᠯᠭ᠎ᠠ ᠶᠢ ᠬᠤᠷᠠᠮᠳᠤᠭᠤᠯᠤᠨ᠂ ᠮᠢᠨᠴᠦᠭᠦᠷᠡᠬᠦ ᠦᠵᠡᠯ ᠰᠠᠨᠠᠭ᠎ᠠ ᠪᠠ ᠠᠵᠠ ᠵᠠᠪᠰᠢᠶᠠᠨ ᠢ ᠡᠷᠢᠬᠦ ᠰᠡᠳᠬᠢᠴᠡ ᠶᠢ ᠡᠷᠡᠰ ᠲᠡᠪᠴᠢᠵᠦ᠂ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ︽ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠦᠨ ᠤᠯᠠᠷᠢᠯ ᠤᠨ ᠲᠠᠮᠢᠷ ᠤᠨ ᠴᠤᠭᠯᠠᠭᠠᠨ︾ ᠤ ᠬᠤᠭᠤᠴᠠᠭᠠᠨ ᠳᠠᠬᠢ ᠡᠯ᠎ᠡ ᠵᠦᠢᠯ ᠤᠨ ᠪᠠᠲᠤᠯᠠᠭ᠎ᠠ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号