ᠮᠠᠨ ᠤ ᠬᠤᠰᠢᠭᠤ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠦᠵᠡᠵᠦ ᠪᠣᠯᠪᠠᠰᠤᠷᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/1
ᠮᠠᠨ ᠤ ᠬᠤᠰᠢᠭᠤ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠦᠵᠡᠵᠦ ᠪᠣᠯᠪᠠᠰᠤᠷᠠᠭᠤᠯᠬᠤ ᠬᠤᠷᠠᠯ ᠬᠤᠷᠠᠯᠳᠤᠭᠤᠯᠪᠠ  ︽ᠲᠠᠪᠤᠨ ᠶᠡᠭᠡ ᠡᠭᠦᠷᠭᠡ︾ ᠶᠢᠨ ᠦᠷ᠎ᠡ ᠪᠦᠲᠦᠮᠵᠢ ᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠪᠥᠬᠦ ᠬᠤᠰᠢᠭᠤᠨ ᠤ ᠠᠵᠤ ᠦᠢᠯᠡᠰ ᠤᠨ ᠪᠦᠲᠦᠴᠡ ᠶᠢᠨ ᠰᠢᠯᠢᠳᠡᠭᠵᠢᠯᠲᠡ ᠶᠢ ᠠᠬᠢᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠦᠷᠭᠡᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 29 ᠤ ᠡᠳᠦᠷ ᠠᠴᠠ 30 ᠤ ᠡᠳᠦᠷ ᠪᠣᠯᠲᠠᠯ᠎ᠠ᠂ ᠮᠠᠨ ᠤ ᠬᠤᠰᠢᠭᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠦᠵᠡᠵᠦ ᠪᠣᠯᠪᠠᠰᠤᠷᠠᠭᠤᠯᠬᠤ ᠬᠤᠷᠠᠯ ᠬᠤᠷᠠᠯᠳᠤᠭᠤᠯᠵᠤ᠂ ᠪᠥᠬᠦ ᠬᠤᠰᠢᠭᠤᠨ ᠤ 11 ᠰᠢᠶᠠᠩ ᠪᠠᠯᠭᠠᠰᠤ ᠵᠡᠭᠡᠯᠢ ᠭᠤᠳᠤᠮᠵᠢ ᠳᠤ ᠭᠤᠷᠪᠠᠨ ᠠᠵᠤ ᠦᠢᠯᠡᠰ᠂ ᠰᠠᠭᠤᠷᠢ ᠲᠥᠬᠦᠭᠡᠷᠦᠮᠵᠢ᠂ ᠠᠷᠠᠳ ᠤᠨ ᠠᠮᠢᠳᠤᠷᠠᠯ ᠤᠨ ᠦᠢᠯᠡᠰ ᠵᠡᠷᠭᠡ ᠬᠦᠷᠢᠶᠡᠨ ᠳᠠᠬᠢ 19 ᠭᠤᠤᠯᠳᠠᠯᠭ᠎ᠠ ᠲᠠᠢ ᠲᠥᠷᠥᠯ ᠵᠦᠢᠯ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠵᠣᠣ ᠶᠠᠨ ᠬᠤᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠮᠠ ᠵᠢᠩ ᠬᠤᠸᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠬᠤᠸᠠ ᠵᠡᠷᠭᠡ ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ ᠣᠷᠣᠯᠴᠠᠵᠠᠶ᠃  9 ᠰᠠᠷ᠎ᠠ ᠶᠢᠨ 29 ᠤ ᠡᠳᠦᠷ᠂ ᠬᠤᠷᠠᠯ ᠳᠤ ᠣᠷᠣᠯᠴᠠᠭᠰᠠᠳ ᠤᠷᠢᠳ ᠬᠤᠵᠢᠳ ᠰᠢᠶᠤᠤ ᠮᠧᠶ ᠯᠢᠨ ᠲᠣᠰᠬᠤᠨ ᠤ ᠣᠶ ᠰᠢᠭᠤᠶ ᠶᠢᠨ ᠠᠵᠤ ᠠᠬᠤᠶ ᠶᠢᠨ ᠲᠠᠷᠢᠮᠠᠯ ᠤᠨ ᠰᠠᠭᠤᠷᠢᠨ ᠭᠠᠵᠠᠷ ᠤᠨ ᠲᠥᠷᠥᠯ ᠵᠦᠢᠯ ᠂ ᠮᠡᠢᠷᠡᠨ ᠪᠠᠯᠭᠠᠰᠤᠨ ᠤ ᠢᠳᠡᠰᠢᠨ ᠮᠦᠬᠦ ᠶᠢ ᠨᠠᠷᠢᠯᠢᠭ ᠡᠳ᠋ᠰᠢᠭᠦᠯᠬᠦ ᠲᠥᠷᠥᠯ ᠵᠦᠢᠯ ᠂ ᠸᠠᠩ ᠶᠧ ᠹᠦ᠋ ᠲᠡᠤᠬᠡ ᠰᠣᠶᠣᠯ ᠤᠨ ᠨᠠᠷᠠᠲᠤ ᠪᠠᠯᠭᠠᠰᠤ ᠶᠢ ᠲᠠᠰ ᠳᠡᠪᠰᠢᠭᠦᠯᠬᠦ ︵ᠲᠣᠭᠤᠷᠢᠯ ᠵᠠᠰᠠᠮᠠᠯ ᠵᠠᠮ ᠵᠢᠴᠢ ᠵᠢᠭᠤᠯᠴᠢᠯᠠᠯ ᠤᠨ ᠵᠠᠰᠠᠮᠠᠯ ᠵᠠᠮ︶ ᠪᠣᠯᠤᠨ ᠬᠠᠷᠠᠴᠢᠨ ᠬᠤᠰᠢᠭᠤᠨ ᠤ ᠬᠠᠶᠢᠯᠤᠭᠤᠷ ᠵᠣᠩᠰᠢ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠵᠢᠴᠢ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠂ ᠥᠪᠥᠷ ᠮᠣᠩᠭᠤᠯ ᠤᠨ ᠤᠮᠠᠷᠠᠲᠤ ᠶᠢᠨ ᡁᠢ ᠶᠤᠸᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 10 ᠲᠦᠮᠡᠨ ᠲᠣᠨ ᠥᠨᠳᠥᠷ ᠪᠦᠲᠦᠮᠵᠢᠲᠡᠶ ᠣᠶᠤᠨᠴᠢ ᠬᠦᠯᠡᠮᠵᠢ ᠶᠢᠨ ᠲᠥᠬᠦᠭᠡᠷᠦᠮᠵᠢ ᠦᠢᠯᠡᠳᠬᠦ ᠵᠢᠴᠢ ᠢᠵᠢ ᠪᠥᠷᠢᠳᠦᠭᠦᠯᠬᠦ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠱᠤᠭᠤᠮ ᠤᠨ ᠲᠥᠷᠥᠯ ᠵᠦᠢᠯ ᠂ ᠤᠯᠠᠭᠠᠨᠬᠠᠳᠠ ᠶᠢᠨ ᠱᠠᠨ ᠱᠦᠢ ᠶᠤᠸᠠᠨ ᠬᠠᠩ ᠱᠦᠢᠨᠢ ᠶᠢᠨ ᠬᠢᠵᠠᠭᠠᠷᠲᠤ ᠺᠣᠮᠫᠠᠨᠢ ᠶᠢᠨ ᠬᠤᠲᠠ ᠠᠴᠠ ᠤᠬᠤᠷᠢᠨ ᠭᠠᠷᠴᠤ ᠬᠦᠷᠢᠶᠡᠯᠡᠩ ᠲᠣᠭᠤᠷᠢᠭ ᠲᠤ ᠣᠷᠣᠬᠤ ᠲᠥᠷᠥᠯ ᠵᠦᠢᠯ᠂ ᠴᠢᠨᠠᠷ ᠮᠠᠭᠤ ᠦᠷ᠎ᠡ ᠠᠰᠢᠭ ᠢᠶᠠᠷ ᠳᠣᠤᠷ᠎ᠠ ᠣᠶ ᠶᠢᠨ ᠥᠭᠡᠷᠡᠴᠢᠯᠡᠯᠲᠡ ᠵᠢᠴᠢ ᠣᠶ ᠶᠢᠨ ᠬᠤᠷᠮᠣᠶ ᠶᠢᠨ ᠬᠢᠲᠠᠳ ᠡᠮ ᠤᠨ ᠮᠠᠲ᠋ᠧᠷᠢᠶᠠᠯ ᠳᠠᠷᠢᠬᠤ ᠲᠥᠷᠥᠯ ᠵᠦᠢᠯ᠂ ᠥᠪᠥᠷ ᠮᠣᠩᠭᠤᠯ ᠤᠨ ᠨᠠ ᠯᠠᠨ ᠮᠢᠬᠠᠨ ᠤ ᠦᠢᠯᠡᠰ ︵ᠪᠦᠯᠦᠭᠯᠡᠯ︶ ᠤᠨ ᠨᠢᠲᠤᠯᠬᠤ ᠭᠠᠵᠠᠷ ᠤᠨ ᠲᠥᠷᠥᠯ ᠵᠦᠢᠯ ᠂ ᠮᠠ ᠠᠨ ᠱᠠᠨ ᠤᠯᠤᠰ ᠤᠨ ᠣᠶ ᠰᠢᠭᠤᠶ ᠶᠢᠨ ᠴᠡᠴᠡᠷᠯᠢᠭ ᠤᠨ ᠵᠢᠭᠤᠯᠴᠢᠯᠠᠯ ᠤᠨ ᠣᠷᠣᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠂ ᠬᠠᠷᠠᠴᠢᠨ ᠬᠤᠰᠢᠭᠤᠨ ᠤ ᠵᠢᠯ ᠳᠤ 45 ᠲᠦᠮᠡᠨ ᠲᠣᠨ ᠮᠠᠯ ᠵᠢᠭᠦᠷᠲᠡᠨ ︵ᠬᠡᠪᠢᠰᠦ︶ ᠪᠣᠷᠳᠣᠭᠠᠨ ᠤ ᠲᠥᠷᠥᠯ ᠵᠦᠢᠯ ᠂ ᠨᠠᠨ ᠲᠠᠢ ᠽᠢ ᠰᠢᠶᠠᠩ ᠤᠨ ᠪᠡᠯᠡᠳᠬᠡᠮᠵᠢᠲᠦ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠲᠣᠭᠤᠷᠢᠨ ᠦᠵᠡᠪᠡ᠃ 30 ᠤ ᠡᠳᠦᠷ ᠤᠨ ᠦᠳᠡ ᠶᠢᠨ ᠡᠮᠦᠨ᠎ᠡ᠂ ᠬᠤᠷᠠᠯ ᠳᠤ ᠣᠷᠣᠯᠴᠠᠭᠰᠠᠳ ᠬᠠᠷᠠᠴᠢᠨ ᠬᠤᠰᠢᠭᠤᠨ ᠤ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ᠂ ᠾᠧ ᠮᠧᠢ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ G16 ᠳ᠋ᠠᠨ ᠰᠢ ᠦᠨᠳᠦᠷ ᠬᠤᠷᠳᠤᠴᠠᠳᠤ ᠵᠠᠰᠠᠮᠠᠯ ᠵᠠᠮ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠮᠧᠩ ᠳ᠋ᠦᠩ ᠡᠮ ᠡᠮᠨᠡᠯᠭᠡ ᠶᠢᠨ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠾᠧ ᠮᠧᠶ ᠮᠠᠰᠢᠨ ᠲᠡᠷᠭᠡᠨ ᠤ ᠠᠷᠠᠯᠵᠢᠶᠠᠨ ᠤ ᠬᠤᠲᠠ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠠᠬᠤᠶᠢᠯᠠᠯ ᠤᠨ ᠠᠷᠠᠯᠵᠢᠶ᠎ᠠ ᠬᠤᠳᠠᠯᠳᠤᠭᠠᠨ ᠤ ᠡᠵᠡᠩᠨᠡᠯᠲᠡ ᠶᠢᠨ ᠪᠠᠶᠢᠳᠠᠯ᠂ ᠬᠠᠷᠠᠴᠢᠨ ᠬᠤᠰᠢᠭᠤᠨ ᠤ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠤᠯᠠᠭᠠᠨᠬᠠᠳᠠ ᠶᠢᠨ ᠪᠠᠶ ᠼᠤᠤ ᠽᠦᠩ ᠬᠢᠲᠠᠳ ᠡᠮ ᠤᠨ ᠮᠠᠲ᠋ᠧᠷᠢᠶᠠᠯ ᠪᠠ ᠬᠢᠲᠠᠳ ᠡᠮ ᠤᠨ ᠮᠠᠲ᠋ᠧᠷᠢᠶᠠᠯ ᠤᠨ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡ ᠵᠢᠴᠢ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠶᠡᠷᠦᠩᠬᠡᠶᠢᠯᠡᠭᠰᠡᠨ ᠨᠡᠭᠡᠭᠡᠨ ᠬᠥᠭᠵᠢᠭᠦᠯᠬᠦ ᠲᠥᠷᠥᠯ ᠵᠦᠢᠯ᠂ ᠤᠯᠠᠭᠠᠨᠬᠠᠳᠠ ᠶᠢᠨ ᠬᠤᠩ ᠹᠦ᠋ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ ᠲᠣᠭᠤᠷᠢᠨ ᠦᠵᠡᠪᠡ᠃  30 ᠤ ᠡᠳᠦᠷ ᠤᠨ ᠦᠳᠡ ᠶᠢᠨ ᠬᠤᠶᠢᠨ᠎ᠠ᠂ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠣᠭᠤᠷᠢᠨ ᠦᠵᠡᠵᠦ ᠳ᠋ᠦᠩᠨᠡᠬᠦ ᠬᠤᠷᠠᠯ ᠬᠤᠷᠠᠯᠳᠤᠪᠠ᠃  ᠬᠤᠷᠠᠯ ᠳᠡᠭᠡᠷ᠎ᠡ᠂ ᠵᠣᠣ ᠶᠠᠨ ᠬᠤᠩ ᠵᠢᠭᠠᠵᠤ ᠭᠠᠷᠭᠠᠭᠰᠠᠨ ᠨᠢ᠂ ᠣᠳᠣᠬᠠᠨ ᠳᠤ ᠡᠯ᠎ᠡ ᠵᠦᠢᠯ ᠤᠨ ᠠᠵᠢᠯ ᠰᠢᠪᠲᠤᠯᠤᠯᠲᠠ ᠶᠢᠨ ᠱᠠᠲᠤᠨ ᠳᠤ ᠣᠷᠣᠬᠤ ᠪᠣᠯᠤᠨ᠎ᠠ᠂ ᠡᠨᠡ ᠤᠳᠠᠭ᠎ᠠ ᠲᠥᠪᠯᠡᠷᠡᠭᠦᠯᠦᠨ ᠲᠣᠭᠤᠷᠢᠨ ᠦᠵᠡᠵᠦ ᠪᠣᠯᠪᠠᠰᠤᠷᠠᠬᠤ ᠨᠢ ᠨᠢᠭᠡ ᠤᠳᠠᠭᠠᠨ ᠤ ︽ᠬᠢᠷᠢ ᠪᠦᠲᠦᠮᠵᠢ ᠶᠢ ᠳᠡᠯᠭᠡᠨ ᠦᠵᠡᠭᠦᠯᠬᠦ︾ ᠶᠠᠪᠤᠳᠠᠯ ᠪᠣᠯᠬᠤ ᠪᠠᠷ ᠪᠠᠷᠠᠬᠤ ᠥᠬᠡᠶ᠂ ᠪᠠᠰᠠ ᠴᠤ ᠨᠢᠭᠡ ᠤᠳᠠᠭᠠᠨ ᠤ ︽ᠴᠢᠳᠠᠪᠤᠷᠢ ᠶᠢ ᠪᠠᠶᠢᠴᠠᠭᠠᠨ ᠦᠵᠡᠬᠦ︾ ᠶᠠᠪᠤᠳᠠᠯ ᠪᠣᠯᠤᠨ᠎ᠠ᠂ ᠨᠠᠩ ᠴᠤ ᠨᠢᠭᠡ ᠤᠳᠠᠭᠠᠨ ᠤ ︽ᠲᠤᠬᠠᠶ ᠶᠢᠨ ᠲᠠᠯᠠᠪᠠᠶ ᠶᠢᠨ ᠵᠢᠭᠠᠨ ᠰᠤᠷᠭᠠᠯᠲᠠ︾ ᠪᠣᠯᠤᠨ᠎ᠠ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠠᠵᠤ ᠠᠬᠤᠶ ᠶᠢ ᠠᠳᠬᠤᠬᠤ᠂ ᠬᠥᠭᠵᠢᠯᠲᠡ ᠶᠢ ᠠᠬᠢᠭᠤᠯᠬᠤ ᠪᠡᠶᠡᠴᠢ ᠴᠢᠳᠠᠮᠠᠭᠠᠶ ᠴᠢᠨᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠵᠣᠷᠢᠭ ᠰᠠᠨᠠᠭ᠎ᠠ ᠪᠠᠨ ᠬᠥᠪᠴᠢᠯᠡᠨ᠂ ᠡᠷᠴᠢ ᠵᠣᠷᠢᠭ ᠢᠶᠠᠨ ᠬᠥᠪᠴᠢᠯᠡᠵᠦ᠂ ᠨᠠᠩ ᠰᠠᠶᠢᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠳᠥᠷᠪᠡᠳᠦᠭᠡᠷ ᠤᠯᠠᠷᠢᠯ ᠤᠨ ᠠᠵᠢᠯ ᠳᠤ ᠣᠷᠣᠯᠴᠠᠵᠤ᠂ ᠪᠥᠬᠦ ᠵᠢᠯ ᠤᠨ ᠡᠯ᠎ᠡ ᠵᠦᠢᠯ ᠤᠨ ᠠᠵᠢᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠰᠠᠭᠤᠷᠢ ᠲᠠᠯᠪᠢᠵᠤ᠂ ᠬᠥᠳᠡᠯᠭᠡᠬᠦ ᠡᠨᠧᠷᠭᠢ ᠨᠡᠮᠡᠷᠢᠯᠡᠬᠦ ᠬᠡᠷᠡᠭᠲᠡᠶ ᠭᠡᠵᠠᠢ ᠃  ᠵᠣᠣ ᠶᠠᠨ ᠬᠤᠩ ᠴᠢᠬᠤᠯᠠᠴᠢᠯᠠᠭᠰᠠᠨ ᠨᠢ᠂ ᠠᠮᠵᠢᠯᠲᠠ ᠪᠠᠨ ᠭᠦᠢᠴᠡᠳ ᠨᠤᠲᠠᠯᠠᠵᠤ᠂ ᠬᠦᠷᠦᠯᠴᠡᠬᠦ ᠥᠬᠡᠶ ᠲᠠᠯ᠎ᠠ ᠳᠤ ᠵᠥᠪ ᠢᠶᠠᠷ ᠬᠠᠨᠳᠤᠵᠤ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠲᠥᠷᠥᠯ ᠵᠦᠢᠯ ᠢ ᠠᠳᠬᠤᠬᠤ᠂ ᠪᠠᠯᠠ ᠣᠷᠣᠭᠤᠯᠤᠯᠲᠠ ᠶᠢ ᠥᠷᠭᠡᠳᠬᠡᠬᠦ ᠰᠠᠶᠢᠨ ᠰᠠᠶᠢᠬᠠᠨ ᠪᠠᠶᠢᠳᠠᠯ ᠢ ᠦᠨᠡᠨ ᠬᠦ ᠪᠠᠬᠢᠵᠢᠭᠦᠯᠬᠦ ᠬᠡᠷᠡᠭᠲᠡᠶ᠃ ᠣᠳᠣᠬᠠᠨ ᠳᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠨᠡᠯᠢᠶᠡᠳ ᠲᠦᠷᠭᠡᠨ᠂ ᠬᠠᠷᠢᠭᠤᠴᠠᠯᠭ᠎ᠠ ᠶᠢ ᠪᠣᠳᠠᠲᠠᠶ ᠪᠠᠷ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠰᠡᠳᠬᠢᠮᠵᠢ ᠲᠣᠳᠣᠷᠬᠠᠶ ᠪᠠᠶᠢᠵᠤ᠂ ᠰᠠᠶᠢᠨ ᠲᠤᠷᠰᠢᠯᠭ᠎ᠠ ᠠᠷᠭ᠎ᠠ ᠬᠢᠳᠡᠯ᠂ ᠠᠵᠢᠯ ᠤᠨ ᠠᠷᠭ᠎ᠠ ᠬᠡᠮᠵᠢᠶ᠎ᠡ ᠶᠢ ᠥᠪᠡᠷ ᠤᠨ ᠥᠷᠲᠡᠭ ᠢᠶᠠᠨ ᠬᠤᠪᠢᠷᠠᠭᠤᠯᠬᠤ ᠭᠠᠵᠠᠷ ᠣᠷᠣᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠣᠳᠠᠲᠠᠶ ᠦᠢᠯᠡᠳᠦᠯᠭᠡ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠠᠮᠵᠢᠯᠲᠠ ᠪᠦᠲᠦᠮᠵᠢ ᠶᠢ ᠨᠤᠲᠠᠯᠠᠭᠤᠰᠢᠲᠠᠢ᠂ ᠭᠡᠪᠡᠴᠦ ᠲᠤᠮᠤ ᠲᠦᠷᠦᠯ ᠵᠦᠢᠯ ᠴᠥᠭᠡᠨ᠂ ᠦᠷᠭᠦᠯᠵᠢᠯᠡᠨ ᠪᠠᠶᠢᠭᠤᠯᠬᠤ ᠲᠦᠷᠦᠯ ᠵᠦᠢᠯ ᠤᠯᠠᠨ᠂ ᠬᠡᠰᠡᠭ ᠲᠦᠷᠦᠯ ᠵᠦᠢᠯ ᠤᠨ ᠠᠵᠢᠯ ᠡᠬᠢᠯᠡᠬᠦ ᠪᠠ ᠰᠡᠷᠭᠦᠭᠡᠬᠦ ᠲᠠᠯ᠎ᠠ ᠪᠠᠷ ᠬᠦᠷᠦᠯᠴᠡᠬᠦ ᠦᠭᠡᠢ᠂ ᠠᠵᠤ ᠦᠢᠯᠡᠳᠪᠦᠷᠢ ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠲᠦᠷᠦᠯ ᠵᠦᠢᠯ ᠴᠥᠭᠡᠨ᠂ ᠠᠷᠠᠯᠵᠢᠶᠠᠴᠢᠨ ᠤᠷᠢᠬᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠨᠤᠷᠮ᠎ᠠ ᠥᠨᠳᠥᠷ ᠪᠢᠰᠢ ᠵᠡᠷᠭᠡ ᠠᠰᠠᠭᠤᠳᠠᠯ ᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠃ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠴᠢᠩᠭ᠎ᠠ ᠠᠩᠬᠠᠷᠴᠤ᠂ ᠠᠵᠤ ᠦᠢᠯᠡᠰ ᠤᠨ ᠬᠡᠯᠬᠢᠶ᠎ᠡ ᠶᠢ ᠲᠥᠯᠥᠪᠵᠢᠭᠦᠯᠦᠨ ᠪᠠᠶᠢᠷᠢᠰᠢᠭᠤᠯᠬᠤ ᠶᠢᠨ ᠲᠣᠭᠤᠷᠢᠨ ᠳᠤ ᠲᠦᠷᠦᠯ ᠵᠦᠢᠯ ᠢ ᠲᠥᠯᠥᠪᠵᠢᠭᠦᠯᠦᠨ ᠨᠥᠭᠡᠴᠡᠯᠡᠬᠦ ᠶᠢ ᠴᠢᠨᠠᠷ ᠰᠠᠶᠢᠲᠠᠢ ᠰᠠᠶᠢᠲᠤᠷ ᠬᠢᠵᠦ᠂ ᠲᠦᠷᠦᠯ ᠵᠦᠢᠯ ᠢ ᠦᠨᠡᠨᠬᠦ ᠡᠷᠲᠡ᠂ ᠪᠣᠳᠠᠲᠠᠢ᠂ ᠣᠨᠣᠪᠴᠢᠲᠠᠢ ᠰᠦᠪᠡᠭᠴᠢᠯᠡᠬᠦ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠥᠪᠡᠷ ᠤᠨ ᠪᠡᠶ᠎ᠡ ᠳᠡᠭᠡᠨ ᠳᠠᠷᠤᠯᠲᠠ ᠥᠭᠴᠦ᠂ ᠲᠣᠭᠲᠠᠯ ᠬᠦᠴᠦᠨ ᠢᠶᠠᠨ ᠪᠠᠲᠤᠯᠠᠵᠤ᠂ ᠰᠢᠨ᠎ᠡ ᠶᠢ ᠡᠭᠦᠳᠬᠦ ᠣᠶᠢᠯᠠᠭᠠᠭᠳᠠᠬᠤᠨ᠂ ᠠᠷᠭ᠎ᠠ ᠬᠡᠮᠵᠢᠶ᠎ᠡ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠠᠵᠢᠯ ᠤᠨ ᠰᠢᠪᠲᠤᠯᠤᠯᠲᠠ᠂ ᠬᠥᠭᠵᠢᠯᠲᠡ ᠶᠢᠨ ᠰᠢᠪᠲᠤᠯᠤᠯᠲᠠ ᠶᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠬᠥᠭᠵᠢᠯᠲᠡ ᠶᠢᠨ ᠪᠠᠶᠢᠳᠠᠯ ᠤᠨ ᠬᠤᠪᠢᠷᠠᠯᠲᠠ ᠳᠤ ᠢᠳᠡᠪᠬᠢᠲᠡᠢ ᠵᠣᠬᠢᠴᠠᠵᠤ᠂ ᠭᠦᠨᠵᠡᠭᠡᠢ ᠲᠠᠷᠢᠶᠠᠯᠠᠬᠤ᠂ ᠠᠯᠤᠰ ᠬᠡᠳᠦ ᠳᠤ ᠦᠢᠯᠡᠴᠢᠯᠡᠬᠦ ᠶᠢ ᠪᠡᠶᠡᠯᠡᠭᠦᠯᠬᠦ ᠬᠡᠷᠡᠭᠲᠡᠢ ᠭᠡᠵᠠᠢ᠃  ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠰᠡᠳᠦᠪᠲᠦ ᠹᠢᠯᠢᠮ ᠢ ᠦᠵᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠮᠠ ᠶᠦᠩ ᠭᠠᠩ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠮᠡᠳᠡᠭᠳᠡᠪᠡ ᠃ ᠰᠢ ᠴᠢᠶᠣᠤ ᠪᠠᠯᠭᠠᠰᠤ᠂ ᠨᠠᠷᠢᠨ ᠪᠠᠯᠭᠠᠰᠤ᠂ ᠨᠢᠤ ᠵᠢᠶᠠ ᠶᠢᠩᠽᠢ ᠪᠠᠯᠭᠠᠰᠤ᠂ ᠾᠧ ᠮᠧᠢ ᠠᠵᠤ ᠦᠢᠯᠡᠳᠪᠦᠷᠢ ᠠᠷᠠᠯᠵᠢᠶᠠᠨ ᠤ ᠲᠣᠭᠤᠷᠢᠭ ᠤᠨ ᠬᠠᠮᠢᠶᠠᠷᠤᠯᠲᠠ ᠶᠢᠨ ᠠᠯᠪᠠᠨ ᠬᠡᠷ ᠠᠴᠠ ᠲᠥᠷᠥᠯ ᠵᠦᠢᠯ ᠢ ᠣᠷᠣᠭᠤᠯᠤᠨ ᠠᠪᠴᠢᠷᠠᠬᠤ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠤᠬᠠᠶ ᠲᠣᠰ ᠲᠣᠰ ᠲᠤᠷᠰᠢᠯᠭ᠎ᠠ ᠪᠠᠨ ᠰᠣᠯᠢᠯᠴᠠᠵᠤ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠵᠡᠷᠭᠡ ᠨᠢᠭᠡᠴᠡ ᠠᠴᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠦᠢᠯᠡᠴᠢᠯᠡᠭᠡᠨ ᠤ ᠠᠵᠢᠯ ᠤᠨ ᠲᠤᠬᠠᠶ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号