10 ᠰᠠᠷ᠎ᠠ ᠶᠢᠨ 10 ᠤ ᠡᠳᠦᠷ᠂ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠭᠰᠡᠨ 2024 ᠤᠯᠠᠭᠠᠨᠬᠠᠳᠠ ᠬᠤᠲᠠ ᠶᠢᠨ ᠬᠥᠳᠡᠭᠡ | ᠲᠣᠰᠬᠤᠨ ᠤ ᠵᠢᠭᠤᠯᠴᠢᠯᠠᠯ ᠤᠨ ᠦᠪᠡᠳᠡᠭᠰᠢ ᠨᠠᠶᠢᠷ ᠸᠠᠩ ᠶᠧ ᠹᠦ᠋ ᠪᠠᠯᠭᠠᠰᠤᠨ ᠤ ᠰᠠᠨ ᠵᠢᠶᠠ ᠲᠣᠰᠬᠤᠨ ᠳᠤ | ᠡᠬᠢᠯᠡᠪᠡ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠭᠦᠸᠧ ᠬᠤᠸᠠ᠂ ᠬᠤᠲᠠ ᠶᠢᠨ ᠰᠣᠶᠣᠯ | ᠪᠠ ᠵᠢᠭᠤᠯᠴᠢᠯᠠᠯ ᠤᠨ ᠲᠣᠪᠴᠢᠶ᠎ᠠ ᠶᠢᠨ ᠳᠠᠷᠤᠭ᠎ᠠ ᠬᠠᠲᠤᠨ ᠭᠤᠤᠯ᠂ ᠬᠤᠲᠠ ᠶᠢᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ ᠶᠢᠨ ᠳᠠᠷᠤᠭ᠎ᠠ ᠯᠢ ᠵᠠᠨ ᠵᠢᠶᠧ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠹᠠᠨ ᠬᠤᠩ ᠬᠤᠸᠠ᠂ ᠬᠤᠲᠠ ᠶᠢᠨ ᠬᠠᠮ | ᠵᠠᠭᠤᠴᠢᠯᠠᠭᠤᠷ ᠤᠨ ᠲᠥᠪ ᠤᠨ ᠡᠷᠬᠢᠯᠡᠭᠴᠢ ᠭᠧ ᠭᠤᠸᠠᠩ ᠢᠦᠶ᠂ ᠬᠤᠰᠢᠭᠤᠨ ᠲᠠᠰ ᠤᠨ ᠤᠳᠤᠷᠢᠳᠤᠯᠭ᠎ᠠ ᠵᠣᠣ ᠶᠠᠨ | ᠬᠤᠩ᠂ ᠱᠢ ᡁᠢ ᠯᠢᠶᠠᠩ᠂ ᠯᠢᠦᠶ ᠬᠠᠶ ᠳ᠋ᠦᠩ᠂ ᠵᠧᠩ ᠰᠢᠶᠠᠨ ᠬᠤᠶ᠂ ᠪᠦᠦ ᠲᠤᠶᠠᠭ᠎ᠠ ᠬᠤᠷᠠᠯ ᠳᠤ ᠣᠷᠣᠯᠴᠠᠪᠠ᠃ | ᠬᠤᠷᠠᠯ ᠳᠤ ᠣᠷᠣᠯᠴᠠᠭᠰᠠᠳ ᠤᠷᠢᠳ ᠬᠤᠵᠢᠳ ᠤᠯᠤᠰ ᠤᠨ 4A ᠲᠠᠰ ᠤᠨ ᠵᠢᠭᠤᠯᠴᠢᠯᠠᠯ ᠤᠨ ᠦᠵᠡᠮᠵᠢ ᠶᠢᠨ | ᠣᠷᠣᠨ - ᠸᠠᠩ ᠤᠨ ᠣᠷᠳᠣᠨ ᠤ ᠮᠦᠽᠧᠶ᠂ ᠲᠠᠪᠤᠨ ᠣᠳᠣᠨ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ | ᠭᠥᠯᠢᠶᠡᠨ ᠠᠪᠬᠤ ᠡᠷᠦᠬᠡ - ᠶᠢᠩ ᠶᠤᠸᠠᠨ ᠰᠢᠶᠠᠩ ᠰᠡᠯᠡᠭᠦᠴᠡᠯ ᠤᠨ ᠲᠠᠷᠢᠶᠠᠯᠠᠩ ᠤᠨ ᠲᠣᠰᠬᠤᠨ᠂ ᠳᠥᠷᠪᠡᠨ | ᠣᠳᠣᠨ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ - ᠬᠤᠰᠤᠨ ᠤᠢ ᠠᠭᠤᠯᠠᠨ | ᠣᠷᠣᠨ ᠵᠡᠷᠭᠡ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠡᠭ ᠢ ᠲᠣᠭᠤᠷᠢᠨ ᠦᠵᠡᠵᠦ᠂ ᠪᠥᠬᠦ | ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠣᠨᠴᠠᠯᠢᠭᠲᠤ ᠵᠢᠭᠤᠯᠴᠢᠯᠠᠯ ᠤᠨ ᠲᠠᠸᠠᠷ ᠤᠨ ᠵᠠᠬ᠎ᠠ | ᠳᠡᠯᠭᠡᠭᠦᠷ ᠤᠨ ᠴᠤᠭᠯᠠᠷᠠᠯ᠂ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠵᠢᠷᠤᠭ ᠤᠨ ᠦᠵᠡᠭᠦᠯᠦᠯᠭᠡ᠂ ᠬᠠᠷᠠᠴᠢᠨ | ᠠᠮᠲᠠᠲᠤ ᠢᠳᠡᠭᠡᠨ ᠢ ᠠᠮᠲᠠᠯᠠᠨ ᠰᠢᠯᠭᠠᠬᠤ ᠵᠡᠷᠭᠡ 12 ᠲᠣᠰ ᠲᠣᠰ ᠤᠨ ᠣᠨᠴᠠᠯᠢᠭ ᠲᠠᠢ ᠬᠥᠳᠡᠭᠡ ᠲᠣᠰᠬᠤᠨ ᠤ | ᠵᠢᠭᠤᠯᠴᠢᠯᠠᠯ ᠤᠨ ᠦᠵᠡᠭᠦᠯᠦᠯᠭᠡ ᠶᠢᠨ ᠲᠣᠭᠤᠷᠢᠭ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ | ᠳᠤᠮᠳᠠ ᠠᠴᠠ ᠨᠢ ᠡᠯ᠎ᠡ ᠭᠠᠵᠠᠷ ᠤᠨ ᠡᠯᠪᠡᠭ ᠪᠠᠶᠠᠯᠢᠭ ᠲᠠᠷᠢᠶᠠᠯᠠᠩ ᠤᠨ ᠰᠣᠶᠣᠯ ᠪᠠ ᠬᠥᠳᠡᠭᠡ ᠲᠣᠰᠬᠤᠨ ᠤ | ᠵᠢᠭᠤᠯᠴᠢᠯᠠᠯ ᠤᠨ ᠣᠨᠴᠠᠯᠢᠭ ᠢ ᠪᠡᠶᠡᠴᠢᠯᠡᠨ ᠣᠶᠢᠯᠠᠭᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠱᠢ ᡁᠢ ᠯᠢᠶᠠᠩ ᠪᠠᠶᠠᠷ ᠤᠨ ᠦᠭᠡ ᠬᠡᠯᠡᠬᠦ ᠳᠡᠭᠡᠨ᠂ ᠬᠠᠷᠠᠴᠢᠨ | ᠬᠤᠰᠢᠭᠤᠨ ᠤ ᠠᠭᠤᠯᠠ ᠤᠰᠤ ᠲᠤᠩᠭᠠᠯᠠᠭ᠂ ᠰᠣᠶᠣᠯ ᠤᠨ ᠰᠠᠭᠤᠷᠢ ᠭᠦᠨ ᠵᠤᠵᠠᠭᠠᠨ᠂ ᠥᠪᠡᠷᠮᠢᠴᠡ | ᠣᠨᠴᠠᠯᠢᠭ ᠲᠠᠢ ᠵᠢᠭᠤᠯᠴᠢᠯᠠᠯ ᠤᠨ ᠡᠬᠢ ᠪᠠᠶᠠᠯᠢᠭ ᠲᠠᠢ ᠪᠠᠶᠢᠵᠤ᠂ ᠰᠡᠯᠡᠭᠦᠴᠡᠨ ᠠᠮᠠᠷᠠᠬᠤ ᠪᠠ ᠣᠶᠢᠷ᠎ᠠ ᠲᠡᠭᠦᠷᠭᠡ ᠶᠢᠨ | ᠵᠢᠭᠤᠯᠴᠢᠯᠠᠯ ᠤᠨ ᠲᠡᠷᠢᠭᠦᠨ ᠰᠣᠩᠭᠤᠯᠲᠠ ᠶᠢᠨ ᠭᠠᠵᠠᠷ ᠪᠣᠯᠵᠣ᠂ ᠡᠯ᠎ᠡ ᠭᠠᠵᠠᠷ ᠤᠨ ᠵᠢᠭᠤᠯᠴᠢᠯᠠᠭᠴᠢᠳ ᠤᠨ ᠺᠠᠷᠲ ᠢ | ᠨᠠᠭᠠᠬᠤ ᠶᠢ ᠪᠠᠶᠠᠷᠯᠠᠨ ᠤᠭᠲᠤᠵᠤ ᠪᠠᠶᠢᠨ᠎ᠠ ᠭᠡᠵᠡᠶ᠃ ᠬᠠᠷᠠᠴᠢᠨ ᠬᠤᠰᠢᠭᠤ ᠡᠭᠦᠨ ᠢᠶᠠᠷ ᠠᠵᠠ ᠲᠣᠬᠢᠶᠠᠯ ᠪᠣᠯᠭᠠᠵᠤ᠂ | ᠣᠯᠠᠨ ᠶᠠᠩᠵᠤ ᠶᠢᠨ ᠵᠢᠭᠤᠯᠴᠢᠯᠠᠯ ᠤᠨ ᠦᠢᠯᠡᠰ ᠢ ᠪᠥᠬᠦ ᠲᠠᠯ᠎ᠠ ᠪᠠᠷ᠂ ᠣᠯᠠᠨ ᠶᠠᠩᠵᠤ ᠶᠢᠨ ᠳᠡᠯᠭᠡᠨ ᠦᠵᠡᠭᠦᠯᠵᠦ᠂ | ᠬᠠᠷᠠᠴᠢᠨ ᠬᠤᠰᠢᠭᠤᠨ ᠤ ᠥᠨᠢ ᠤᠳᠠᠭᠠᠨ ᠲᠡᠤᠬᠡ᠂ ᠬᠡᠷᠡᠯ ᠰᠠᠴᠤᠷᠠᠩᠭᠤᠶ ᠰᠣᠶᠣᠯ ᠪᠠ ᠤᠯᠠᠮᠵᠢᠯᠠᠨ ᠬᠥᠭᠵᠢᠭᠦᠯᠬᠦ | ᠰᠢᠨ᠎ᠡ ᠳᠠᠪᠰᠢᠯᠲᠠ ᠶᠢ ᠭᠦᠢᠴᠡᠳ ᠳᠡᠯᠭᠡᠨ ᠦᠵᠡᠭᠦᠯᠵᠦ᠂ ᠣᠯᠠᠨ ᠳᠤ ᠬᠠᠷᠠᠴᠢᠨ ᠬᠤᠰᠢᠭᠤᠨ ᠤ ᠰᠦᠷᠯᠢᠭ ᠰᠠᠶᠢᠬᠠᠨ | ᠪᠠᠶᠢᠭᠠᠯᠢ ᠶᠢᠨ ᠥᠩᠭᠡ ᠦᠵᠡᠮᠵᠢ᠂ ᠭᠦᠨ ᠵᠤᠵᠠᠭᠠᠨ ᠰᠣᠶᠣᠯ ᠤᠨ ᠠᠭᠤᠯᠬᠤᠨ ᠢ ᠭᠦᠨᠵᠡᠭᠡᠶ ᠮᠡᠳᠡᠷᠡᠭᠦᠯᠵᠦ᠂ | ᠥᠪᠡᠷᠮᠢᠴᠡ ᠲᠠᠲᠠᠬᠤ ᠬᠦᠴᠦᠨ ᠲᠠᠢ ᠠᠷᠠᠳ ᠤᠨ ᠵᠠᠩ ᠳᠠᠳᠬᠠᠯ ᠢ ᠮᠡᠳᠡᠷᠡᠭᠦᠯᠦᠨ᠎ᠡ᠃ | |