2024 ᠤᠯᠠᠭᠠᠨᠬᠠᠳᠠ ᠬᠤᠲᠠ ᠶᠢᠨ ᠬᠥᠳᠡᠭᠡ ᠲᠣᠰᠬᠤᠨ ᠤ ᠵᠢᠭᠤᠯᠴᠢᠯᠠᠯ ᠤᠨ ᠨᠠᠶᠢᠷ ᠮᠠᠨ ᠤ ᠬᠤᠰᠢᠭᠤᠨ ᠳᠤ ᠡᠬᠢᠯᠡᠪᠡ ︵ᠬᠤᠶᠠᠷ︶
ᠨᠡᠶᠢᠲᠡᠯᠡᠭᠰᠡᠨ ᠴᠠᠭ᠄
2024/10/11
   ᠠᠵᠢᠯᠯᠠᠭ᠎ᠠ ᠶᠢᠨ ᠳᠤᠮᠳᠠ᠂ ᠮᠠᠨ ᠤ ᠬᠤᠲᠠ ᠶᠢᠨ ᠡᠯ᠎ᠡ ᠭᠠᠵᠠᠷ ᠤᠨ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠤ ᠲᠥᠯᠥᠭᠡᠯᠡᠭᠴᠢᠳ ᠬᠠᠮᠲᠤ ᠪᠠᠷ ︽ᠰᠣᠶᠣᠯ ᠵᠢᠭᠤᠯᠴᠢᠯᠠᠯ ᠤᠨ ᠡᠨᠧᠷᠭᠢ ᠣᠯᠭᠤᠬᠤ · ᠾᠧ ᠮᠧᠶ ᠬᠥᠳᠡᠭᠡ ᠲᠣᠰᠬᠤᠨ︾ 2024 ᠤᠯᠠᠭᠠᠨᠬᠠᠳᠠ ᠬᠤᠲᠠ ᠶᠢᠨ ᠬᠥᠳᠡᠭᠡ ᠲᠣᠰᠬᠤᠨ ᠤ ᠵᠢᠭᠤᠯᠴᠢᠯᠠᠯ ᠤᠨ ᠦᠪᠡᠳᠡᠭᠰᠢ ᠶᠣᠰᠣᠯᠠᠯ ᠤᠨ ᠡᠬᠢᠯᠡᠯᠲᠡ ᠶᠢᠨ ᠶᠣᠰᠣᠯᠠᠯ ᠤᠨ ᠲᠡᠩᠭᠡᠯᠢᠭ ᠢ ᠰᠡᠬᠦᠪᠡ᠃ ᠡᠯ᠎ᠡ ᠬᠤᠰᠢᠭᠤ ᠰᠢᠶᠠᠨ ᠲᠣᠭᠤᠷᠢᠭ ᠪᠦᠯᠦᠭ ᠬᠤᠪᠢᠶᠠᠨ ᠬᠥᠳᠡᠭᠡ ᠲᠣᠰᠬᠤᠨ ᠤ ᠵᠢᠭᠤᠯᠴᠢᠯᠠᠯ ᠤᠨ ᠲᠥᠷᠥᠯ ᠵᠦᠢᠯ ᠤᠨ ᠲᠠᠨᠢᠯᠴᠠᠭᠤᠯᠭ᠎ᠠ ᠬᠢᠵᠦ᠂ ᠮᠠᠨ ᠤ ᠬᠤᠰᠢᠭᠤᠨ ᠤ ᠠᠷᠪᠠᠨ ᠮᠠᠨᠵᠤ ᠦᠨᠳᠦᠰᠦᠲᠡᠨ ᠤ ᠰᠢᠶᠠᠩ ᠪᠣᠯᠤᠨ ᠰᠦᠩᠱᠠᠨ ᠲᠣᠭᠤᠷᠢᠭ ᠤᠨ ᠳ᠋ᠠ ᠡᠤ ᠯᠢᠶᠠᠩ ᠰᠦ᠋ ᠲᠣᠰᠬᠤᠨ ᠲᠣᠰ ᠲᠣᠰ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠪᠠᠯᠭᠠᠰᠤ ᠪᠣᠯᠤᠨ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠢ ᠡᠭᠦᠳᠦᠨ ᠪᠠᠶᠢᠭᠤᠯᠬᠤ ᠶᠢ ᠲᠥᠯᠥᠭᠡᠯᠡᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠬᠤᠲᠠ᠂ ᠬᠤᠰᠢᠭᠤᠨ ᠤ ᠤᠳᠬ᠎ᠠ ᠤᠷᠠᠯᠢᠭ ᠤᠨ ᠠᠵᠢᠯᠲᠠᠳ ᠲᠤᠬᠠᠶ ᠶᠢᠨ ᠲᠠᠯᠠᠪᠠᠶ ᠳᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠪᠠ᠃   ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠬᠤᠲᠠ ᠶᠢᠨ ᠰᠣᠶᠣᠯ ᠵᠢᠭᠤᠯᠴᠢᠯᠠᠯ ᠤᠨ ᠪᠦᠯᠦᠭᠯᠡᠯ ᠤᠨ ᠤᠳᠤᠷᠢᠳᠤᠯᠭ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ᠂ ᠪᠥᠬᠦ ᠬᠤᠲᠠ ᠶᠢᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠤ ᠲᠥᠯᠥᠭᠡᠯᠡᠭᠴᠢ᠂ ᠬᠠᠷᠠᠴᠢᠨ ᠬᠤᠰᠢᠭᠤ ᠶᠠᠭ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠪᠠᠯᠭᠠᠰᠤ᠂ ᠲᠣᠰᠬᠤᠨ ᠤ ᠲᠥᠯᠥᠭᠡᠯᠡᠭᠴᠢ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ᠂ ᠵᠠᠰᠠᠭ ᠵᠠᠬᠢᠷᠭᠠᠨ ᠤ ᠲᠣᠰᠬᠤᠨ ᠤ ᠱᠦᠵᠢ᠂ ᠶᠧ ᡂᠢ ᠰᠢ ᠶᠤᠸᠠᠢ ᠾᠧ ᠭᠦ᠋ ᠵᠢᠭᠤᠯᠴᠢᠯᠠᠯ ᠰᠣᠶᠣᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠵᠢᠴᠢ ᠵᠠᠭᠤᠴᠢᠯᠠᠭᠤᠷ ᠤᠨ ᠰᠤᠷᠪᠤᠯᠵᠢᠯᠠᠭᠴᠢ 240 ᠭᠠᠷᠤᠶ ᠬᠥᠮᠦᠨ ᠣᠷᠣᠯᠴᠠᠵᠠᠶ
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号