ᠾᠧᠨᠠᠨ ᠵᠡᠭᠡᠯᠢ ᠭᠤᠳᠤᠮᠵᠢ ᠥᠪᠡᠷᠲᠡᠭᠡᠨ ᠵᠠᠰᠠᠬᠤ ᠣᠷᠣᠨ ᠤ ᠬᠢᠨᠠᠨ ᠰᠢᠯᠭᠠᠵᠤ ᠦᠨᠡᠯᠡᠨ ᠵᠢᠱᠢᠬᠦ ᠪᠠᠶᠢᠴᠠᠭᠠᠯᠲᠠ ᠶᠢ ᠤᠭᠲᠤᠬᠤ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠠᠬᠢᠭᠤᠯᠪᠠ
ᠨᠡᠶᠢᠲᠡᠯᠡᠭᠰᠡᠨ ᠴᠠᠭ᠄
2024/10/14
ᠾᠧᠨᠠᠨ ᠵᠡᠭᠡᠯᠢ ᠭᠤᠳᠤᠮᠵᠢ ᠥᠪᠡᠷᠲᠡᠭᠡᠨ ᠵᠠᠰᠠᠬᠤ ᠣᠷᠣᠨ ᠤ ᠬᠢᠨᠠᠨ ᠰᠢᠯᠭᠠᠵᠤ ᠦᠨᠡᠯᠡᠨ ᠵᠢᠱᠢᠬᠦ ᠪᠠᠶᠢᠴᠠᠭᠠᠯᠲᠠ ᠶᠢ ᠤᠭᠲᠤᠬᠤ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠠᠬᠢᠭᠤᠯᠪᠠ  ᠤᠢᠢᠷ᠎ᠠ ᠶᠢᠨ ᠡᠳᠦᠷ ᠤᠳ ᠲᠤ᠂ ᠾᠧᠨᠠᠨ ᠵᠡᠭᠡᠯᠢ ᠭᠤᠳᠤᠮᠵᠢ ᠨᠠᠷᠢᠨ ᠨᠢᠮᠪᠠᠢ ᠪᠠᠶᠢᠷᠢᠯᠠᠭᠤᠯᠵᠤ᠂ ᠤᠨᠢᠨ ᠳᠡᠭᠡᠷ᠎ᠡ ᠨᠢ ᠬᠦᠴᠦᠯᠡᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠤᠭᠰᠠᠨ ᠤ ᠳᠠᠷᠠᠭᠠᠬᠢ ᠦᠨᠡᠯᠡᠨ ᠵᠢᠱᠢᠬᠦ ᠪᠡᠯᠡᠳᠬᠡᠯ ᠠᠵᠢᠯ ᠢ ᠠᠬᠢᠭᠤᠯᠪᠠ᠃  ᠨᠢᠭᠡ ᠳᠤ᠂ ᠪᠦᠬᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃ ᠣᠳᠣᠬᠠᠨ ᠤ ᠴᠠᠭ ᠪᠠᠴᠢᠮ᠂ ᠡᠭᠦᠷᠭᠡ ᠬᠦᠨᠳᠦ ᠠᠵᠢᠯ ᠤᠨ ᠬᠡᠯᠪᠡᠷᠢ ᠶᠢᠨ ᠡᠮᠦᠨ᠎ᠡ᠂ ᠾᠧᠨᠠᠨ ᠵᠡᠭᠡᠯᠢ ᠭᠤᠳᠤᠮᠵᠢ ᠲᠡᠷᠡ ᠳᠠᠷᠤᠢ ᠳᠤᠨᠢ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠭᠦᠨ ᠤ ᠬᠠᠮᠲᠤ ᠦᠨᠡᠯᠡᠨ ᠵᠢᠱᠢᠵᠦ ᠬᠢᠨᠠᠨ ᠰᠢᠯᠭᠠᠬᠤ ᠠᠭᠤᠯᠭ᠎ᠠ ᠪᠣᠯᠤᠨ ᠬᠡᠯᠪᠡᠷᠢ᠂ ᠵᠡᠭᠡᠯᠢ ᠭᠤᠳᠤᠮᠵᠢ ᠲᠣᠰᠬᠤᠨ ᠬᠤᠶᠠᠷ ᠱᠠᠲᠤᠨ ᠤ ᠳᠠᠩᠰᠠ ᠡᠪᠬᠡᠮᠡᠯ ᠢ ᠡᠮᠬᠢᠯᠡᠬᠦ ᠵᠡᠷᠭᠡ ᠭᠤᠣᠯᠳᠠᠯᠭ᠎ᠠ ᠲᠠᠢ ᠠᠵᠢᠯ ᠤᠨ ᠲᠤᠬᠠᠢ ᠲᠠᠬᠢᠨ ᠡᠮᠬᠢᠯᠡᠵᠦ᠂ ᠲᠠᠬᠢᠨ ᠪᠠᠶᠢᠷᠢᠯᠠᠭᠤᠯᠵᠤ᠂ ᠵᠡᠭᠡᠯᠢ᠂ ᠲᠣᠰᠬᠤᠨ ᠬᠤᠶᠠᠷ ᠱᠠᠲᠤᠨ ᠤ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃  ᠬᠤᠶᠠᠷ ᠲᠤ᠂ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠭᠦᠨᠵᠡᠭᠡᠢ ᠵᠢᠭᠰᠠᠭᠠᠨ ᠪᠠᠶᠢᠴᠠᠭᠠᠵᠤ ᠬᠢᠨᠠᠨ ᠬᠠᠷᠭᠤᠭᠤᠯᠪᠠ᠃ ᠲᠠᠷᠢᠶᠠᠴᠢᠨ ᠡᠷᠦᠬᠡ ᠶᠢᠨ ᠭᠡᠷ ᠪᠦᠯᠢ ᠶᠢᠨ ᠦᠨᠳᠦᠰᠦᠨ ᠮᠡᠳᠡᠭᠡ ᠵᠠᠩᠭᠢ᠂ ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ᠂ ᠬᠦᠴᠦ ᠶᠠᠪᠤᠵᠤ ᠠᠵᠢᠯ ᠣᠯᠬᠤ ᠵᠡᠷᠭᠡ ᠪᠠᠶᠢᠳᠠᠯ ᠳᠤ ᠴᠢᠭᠯᠡᠭᠦᠯᠦᠨ ᠶᠡᠷᠦᠩᠬᠡᠶᠢᠯᠡᠨ ᠣᠶᠢᠯᠠᠭᠠᠵᠤ᠂ ᠭᠤᠤᠯᠳᠠᠯᠭ᠎ᠠ ᠲᠠᠢ ᠠᠩᠬᠠᠷᠴᠤ᠂ ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠤᠰᠤᠨ ᠠᠰᠢᠭᠯᠠᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠶᠠᠪᠤᠳᠠᠯ᠂ ᠡᠮ ᠡᠮᠨᠡᠯᠭᠡ ᠶᠢᠨ ᠳᠠᠭᠠᠳᠬᠠᠯ ᠵᠡᠷᠭᠡ ᠣᠯᠠᠨ ᠰᠠᠯᠠᠭ᠎ᠠ ᠮᠥᠴᠢᠷ ᠲᠠᠢ ᠢᠳᠡᠪᠬᠢᠲᠡᠶ ᠪᠠᠷ ᠵᠣᠯᠭᠠᠭᠤᠯᠬᠤ ᠶᠢᠨ ᠬᠠᠮᠲᠤ ᠬᠠᠮᠵᠢᠯᠴᠠᠵᠤ᠂ ᠵᠢᠭᠰᠠᠭᠠᠨ ᠪᠠᠶᠢᠴᠠᠭᠠᠭᠰᠠᠨ ᠲᠤᠭ᠎ᠠ ᠪᠠᠷᠢᠮᠲᠠ ᠪᠠᠨ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃ ᠡᠭᠦᠨ ᠤ ᠬᠠᠮᠲᠤ᠂ ᠡᠯ᠎ᠡ ᠲᠣᠰᠬᠤᠨ ᠢ ᠵᠣᠬᠢᠶᠠᠨ ᠪᠠᠶᠢᠭᠤᠯᠤᠨ ᠠᠵᠤ ᠦᠢᠯᠡᠰ ᠤᠨ ᠱᠠᠩᠨᠠᠯ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠭᠤᠶᠤᠴᠢᠯᠠᠨ ᠮᠡᠳᠡᠭᠦᠯᠵᠦ᠂ ᠣᠳᠣ ᠪᠣᠯᠲᠠᠯ᠎ᠠ᠂ ᠨᠡᠶᠢᠲᠡ 350 ᠡᠷᠦᠬᠡ 382 ᠬᠥᠮᠦᠨ ᠭᠤᠶᠤᠴᠢᠯᠠᠵᠤ᠂ 25.42 ᠲᠦᠮᠡᠨ ᠲᠥᠭᠦᠷᠢᠭ ᠤᠨ ᠪᠡᠯᠡ ᠮᠥᠩᠭᠦ ᠭᠤᠶᠤᠴᠢᠯᠠᠪᠠ᠃  ᠭᠤᠷᠪᠠ ᠳᠤ᠂ ᠱᠠᠯᠠᠪᠳᠠᠭᠤᠯᠤᠨ ᠪᠠᠶᠢᠴᠠᠭᠠᠵᠤ ᠵᠢᠯᠣᠭᠤᠳᠬᠤ ᠪᠠᠨ ᠴᠢᠩᠭᠠᠳᠬᠠᠵᠤ᠂ ᠳᠤᠲᠠᠭᠤᠳᠠᠯ ᠢᠶᠠᠨ ᠨᠥᠬᠦᠪᠥᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠲᠤᠰᠬᠠᠶ ᠠᠵᠢᠯ ᠢ ᠠᠬᠢᠭᠤᠯᠬᠤ ᠳᠤᠭᠤᠶᠢᠯᠠᠩ ᠪᠠᠶᠢᠭᠤᠯᠵᠤ᠂ ᠢᠳᠡᠪᠬᠢᠲᠡᠶ ᠪᠠᠷ ᠡᠷᠦᠬᠡ ᠳᠤ ᠣᠷᠣᠵᠤ ᠰᠤᠷᠪᠤᠯᠵᠢᠯᠠᠨ᠂ ᠠᠰᠠᠭᠤᠳᠠᠯ ᠢ ᠨᠠᠷᠢᠨ ᠬᠢᠨᠠᠮᠠᠭᠠᠶ ᠡᠷᠢᠵᠦ᠂ ᠠᠰᠠᠭᠤᠳᠠᠯ ᠢ ᠰᠢᠢᠳᠪᠦᠷᠢᠯᠡᠨ᠂ ᠡᠷᠦᠬᠡ ᠳᠤ ᠣᠷᠣᠵᠤ ᠴᠤᠭᠯᠠᠭᠤᠯᠬᠤ ᠨᠣᠷᠮ᠎ᠠ᠂ ᠲᠤᠭ᠎ᠠ ᠪᠠᠷᠢᠮᠲᠠ ᠶᠢᠨ ᠣᠨᠣᠪᠴᠢ ᠶᠢᠨ ᠨᠣᠷᠮ᠎ᠠ ᠪᠠ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠮᠡᠳᠡᠷᠡᠮᠵᠢ ᠶᠢᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠬᠦ ᠶᠢᠨ ᠬᠠᠮᠲᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠢ ᠨᠠᠶᠢᠳᠠᠪᠤᠷᠢᠵᠢᠭᠤᠯᠬᠤ᠂ ᠦᠷ᠎ᠡ ᠪᠦᠲᠦᠮᠵᠢ ᠶᠢ ᠪᠠᠬᠢᠵᠢᠭᠦᠯᠬᠦ᠂ ᠨᠠᠵᠠᠭᠠᠶ ᠵᠦᠶ᠋ᠯᠡᠰ ᠵᠢᠴᠢ ᠣᠨᠴᠠᠭᠠᠶ ᠲᠠᠩᠰᠠ ᠡᠪᠬᠡᠮᠡᠯ ᠵᠡᠷᠭᠡ 6 ᠲᠠᠯ᠎ᠠ ᠪᠠᠷ ᠪᠥᠬᠦ ᠲᠠᠯ᠎ᠠ ᠪᠠᠷ ᠡᠮᠬᠢᠯᠡᠵᠦ᠂ ᠲᠤᠰᠠᠭᠠᠷ ᠲᠠᠩᠰᠠ ᠡᠪᠬᠡᠮᠡᠯ ᠪᠠᠶᠢᠭᠤᠯᠵᠤ᠂ ᠲᠠᠩᠰᠠ ᠡᠪᠬᠡᠮᠡᠯ ᠤᠨ ᠮᠠᠲ᠋ᠧᠷᠢᠶᠠᠯ ᠤᠨ ᠯᠣᠭᠢᠭ ᠲᠣᠳᠣᠷᠬᠠᠶ ᠪᠠᠶᠢᠬᠤ ᠶᠢ ᠪᠠᠲᠤᠯᠠᠵᠤ᠂ ᠲᠡᠷᠢ ᠲᠡᠭᠰᠢ ᠲᠡᠭᠦᠯᠳᠡᠷᠵᠢᠭᠦᠯᠪᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号