ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠴᠡᠭᠴᠡᠯᠡᠬᠦ ᠭᠠᠷᠴᠠᠭ ᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/10/14
ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠴᠡᠭᠴᠡᠯᠡᠬᠦ ᠭᠠᠷᠴᠠᠭ ᠢ ᠨᠡᠶᠢᠲᠡᠯᠡᠬᠦ ᠲᠤᠬᠠᠶ ᠮᠡᠳᠡᠭᠳᠡᠯ  ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠬᠡᠷ᠂ ᠬᠤᠰᠢᠭᠤᠨ ᠤ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠬᠡᠷ ᠲᠣᠪᠴᠢᠶ᠎ᠠ ︵ᠲᠥᠪ︶᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠳᠡᠩᠰᠡᠯᠡᠵᠦ ᠬᠢᠨᠠᠯᠲᠠ ᠲᠠᠯᠪᠢᠬᠤ ᠠᠷᠭ᠎ᠠ︾ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191 ᠳ᠋ᠦ᠋ᠭᠡᠷ ᠲᠣᠭᠠᠲᠤ︶᠂ ︽ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠮᠠᠯ ᠬᠤᠭᠤᠴᠠᠭ᠎ᠠ ᠲᠠᠢ ᠪᠠᠷ ᠢᠯᠭᠠᠷᠠᠭᠤᠯᠤᠨ ᠳᠢᠭᠯᠡᠬᠦ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠥᠰᠥᠭ ﹇2020﹈ 44 ᠳ᠋ᠦ᠋ᠭᠡᠷ ᠲᠣᠭᠠᠲᠤ︶᠂ ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠤᠨ ᠳᠢᠭᠯᠡᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠤᠯᠠᠭᠠᠨᠬᠠᠳᠠ ᠵᠠᠰᠠᠭ ᠠᠯᠪᠠᠨ ᠥᠰᠥᠭ ﹇2020﹈ 44 ᠳ᠋ᠦ᠋ᠭᠡᠷ ᠲᠣᠭᠠᠲᠤ︶᠂ ᠬᠤᠰᠢᠭᠤᠨ ᠤ ᠵᠠᠰᠠᠭ ᠤᠨ ᠣᠷᠳᠣᠨ ᠠᠴᠠ ᠬᠤᠰᠢᠭᠤᠨ ᠤ ᠲᠣᠰ ᠱᠠᠲᠤᠨ ᠤ 2023 ᠣᠨ ᠤ 8 ᠰᠠᠷ᠎ᠠ ᠶᠢᠨ 31 ᠤ ᠡᠳᠦᠷ ᠠᠴᠠ ᠡᠮᠦᠨ᠎ᠡ ᠨᠡᠶᠢᠲᠡᠯᠡᠭᠰᠡᠨ ᠣᠲᠣ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠥᠬᠦᠶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠢᠯᠭᠠᠷᠠᠭᠤᠯᠤᠨ ᠳᠢᠭᠯᠡᠵᠦ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠵᠢᠴᠢ ᠳᠡᠭᠡᠳᠦ ᠪᠠᠶᠢᠷᠢ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠦᠴᠦᠨ ᠥᠬᠡᠶ ᠪᠣᠯᠭᠠᠬᠤ ᠪᠠᠷ ᠵᠠᠷᠯᠠᠬᠤ ᠪᠤᠶᠤ ᠬᠦᠴᠦᠨ ᠥᠬᠡᠶ ᠪᠣᠯᠭᠠᠨ᠎ᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄  ᠨᠢᠭᠡ᠂ ︽ᠬᠠᠷᠠᠴᠢᠨ ᠬᠤᠰᠢᠭᠤᠨ ᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠮᠢᠶᠠᠷᠤᠯᠲᠠ ᠶᠢᠨ ᠠᠷᠭ᠎ᠠ︾ ︵ᠬᠠᠷᠠᠴᠢᠨ ᠵᠠᠰᠠᠭ ᠦᠰᠦᠭ ︹2012︺ 84 ᠳ᠋ᠤᠭᠡᠷ ᠲᠣᠭᠠᠲᠤ︶ ᠵᠡᠷᠭᠡ 18 ᠬᠤᠪᠢ ᠪᠢᠴᠢᠭ ᠮᠠᠲ᠋ᠧᠷᠢᠶᠠᠯ ᠦᠷᠭᠦᠯᠵᠢᠯᠡᠨ ᠬᠦᠴᠦᠨ ᠲᠠᠢ ᠪᠠᠶᠢᠬᠤ ᠶᠢ ᠲᠣᠭᠲᠠᠭᠠᠪᠠ᠃  ᠬᠤᠶᠠᠷ᠂ ︽ᠬᠠᠷᠠᠴᠢᠨ ᠬᠤᠰᠢᠭᠤᠨ ᠤ ᠰᠠᠭᠤᠭᠠᠯᠢ ᠠᠷᠠᠳ ᠤᠨ ᠲᠦᠷ ᠴᠠᠭ ᠤᠨ ᠠᠪᠤᠷᠠᠨ ᠲᠤᠰᠠᠯᠠᠬᠤ ᠠᠷᠭ᠎ᠠ︾ ︵ᠬᠠᠷᠠᠴᠢᠨ ᠵᠠᠰᠠᠭ ᠲᠠᠷᠬᠠᠭᠠᠭᠰᠠᠨ ︹2018︺ 49 ᠳ᠋ᠤᠭᠡᠷ ᠲᠣᠭᠠᠲᠤ︶ ᠵᠡᠷᠭᠡ 5 ᠬᠤᠪᠢ ᠪᠢᠴᠢᠭ ᠮᠠᠲ᠋ᠧᠷᠢᠶᠠᠯ ᠢ ᠬᠦᠴᠦᠨ ᠥᠬᠡᠶ ᠪᠣᠯᠭᠠᠬᠤ ᠪᠠᠷ ᠲᠣᠭᠲᠠᠭᠠᠪᠠ᠃  ᠭᠤᠷᠪᠠ᠂ ︽ᠬᠠᠷᠠᠴᠢᠨ ᠬᠤᠰᠢᠭᠤᠨ ᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠮᠢᠶᠠᠷᠤᠯᠲᠠ ᠶᠢᠨ ᠠᠷᠭ᠎ᠠ︾ ︵ᠬᠠᠷᠠᠴᠢᠨ ᠵᠠᠰᠠᠭ ᠲᠠᠷᠬᠠᠭᠠᠭᠰᠠᠨ ︹2012︺ 84 ᠳ᠋ᠤᠭᠡᠷ ᠲᠣᠭᠠᠲᠤ︶᠂ ︽ᠬᠠᠷᠠᠴᠢᠨ ᠬᠤᠰᠢᠭᠤᠨ ᠤ ᠵᠥᠷᠢᠴᠡᠯ ᠵᠢᠭᠤᠷᠠᠯᠳᠤᠭᠠᠨ ᠢ ᠱᠠᠲᠤ ᠬᠤᠪᠢᠶᠠᠨ ᠡᠶᠡᠳᠡᠭᠦᠯᠦᠨ ᠰᠢᠢᠳᠪᠦᠷᠢᠯᠡᠬᠦ ᠬᠡᠷᠡᠭᠵᠢᠭᠦᠯᠬᠦ ᠠᠷᠭ᠎ᠠ︾ ︵ᠬᠠᠷᠠᠴᠢᠨ ᠵᠠᠰᠠᠭ ᠲᠠᠷᠬᠠᠭᠠᠭᠰᠠᠨ ︹2014︺ 17 ᠳ᠋ᠤᠭᠠᠷ ᠲᠣᠭᠠᠲᠤ︶ ᠶᠢᠨ 2 ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 5 ᠵᠢᠯ ᠢ ᠳᠠᠪᠠᠵᠤ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠳᠡᠭᠡᠷ᠎ᠡ ᠳᠤᠷᠠᠳᠤᠭᠰᠠᠨ 2 ᠪᠢᠴᠢᠭ ᠮᠠᠲ᠋ᠧᠷᠢᠶᠠᠯ ᠳᠤ ᠳᠠᠬᠢᠨ ᠵᠠᠰᠠᠪᠤᠷᠢ ᠣᠷᠣᠭᠤᠯᠬᠤ ᠶᠢ ᠰᠠᠨᠠᠭᠤᠯᠪᠠ᠃  ᠳᠥᠷᠪᠡ᠂ ᠪᠦᠬᠦ ᠲᠠᠯ᠎ᠠ ᠪᠠᠷ ᠴᠡᠪᠡᠷᠯᠡᠬᠦ ᠪᠠᠷ ᠳᠠᠮᠵᠢᠭᠠᠳ᠂ ᠣᠳᠣ ᠬᠦᠴᠦᠨ ᠦᠭᠡᠶ ᠪᠣᠯᠤᠭᠰᠠᠨ ᠢᠶᠠᠷ ᠨᠡᠶᠢᠲᠡᠯᠡᠭᠰᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠦᠭᠡᠶ᠃  ᠦᠷᠭᠦᠯᠵᠢᠯᠡᠨ ᠬᠦᠴᠦᠨ ᠲᠠᠢ ᠪᠠᠶᠢᠬᠤ ᠪᠢᠴᠢᠭ ᠮᠠᠲ᠋ᠧᠷᠢᠶᠠᠯ ᠤᠨ ᠭᠠᠷᠴᠠᠭ ᠲᠤ ᠣᠷᠣᠭᠤᠯᠤᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠦᠴᠦᠨ ᠲᠠᠢ ᠪᠠᠶᠢᠬᠤ ᠬᠤᠭᠤᠴᠠᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 5 ᠵᠢᠯ ᠠᠴᠠ ᠬᠡᠲᠦᠷᠡᠭᠦᠯᠵᠦ ᠪᠣᠯᠬᠤ ᠦᠭᠡᠶ᠃ ᠦᠷᠭᠦᠯᠵᠢᠯᠡᠨ ᠬᠦᠴᠦᠨ ᠲᠠᠢ ᠭᠠᠷᠴᠠᠭ ᠲᠤ ᠣᠷᠣᠭᠤᠯᠤᠭᠰᠠᠨ ᠥᠬᠡᠶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠦᠬᠦᠨ ᠢ 2023 ᠣᠨ ᠤ 9 ᠰᠠᠷ᠎ᠠ ᠶᠢᠨ 19 ᠤ ᠡᠳᠦᠷ ᠠᠴᠠ ᠡᠬᠢᠯᠡᠨ᠂ ᠴᠥᠮ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦᠯᠡᠯ ᠪᠣᠯᠭᠠᠵᠤ ᠪᠣᠯᠬᠤ ᠥᠬᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号