ᠵᠤᠤ ᠶᠠᠨ ᠬᠤᠩ ᠪᠦᠯᠬᠦᠮ ᠳᠠᠭᠠᠭᠤᠯᠤᠨ ᠴᠧᠩᠳᠦ ᠳᠤ ᠬᠦᠷᠴᠦ ᠲᠦᠷᠦᠯ ᠵᠦᠢᠯ ᠢ ᠵᠣᠯᠭᠠᠭᠤᠯᠤᠨ ᠵᠥᠪᠳᠡᠯᠴᠡᠪᠡ
ᠨᠡᠶᠢᠲᠡᠯᠡᠭᠰᠡᠨ ᠴᠠᠭ᠄
2024/10/16
ᠵᠤᠤ ᠶᠠᠨ ᠬᠤᠩ ᠪᠦᠯᠬᠦᠮ ᠳᠠᠭᠠᠭᠤᠯᠤᠨ ᠴᠧᠩᠳᠦ ᠳᠤ ᠬᠦᠷᠴᠦ ᠲᠦᠷᠦᠯ ᠵᠦᠢᠯ ᠢ ᠵᠣᠯᠭᠠᠭᠤᠯᠤᠨ ᠵᠥᠪᠳᠡᠯᠴᠡᠪᠡ  10 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠵᠣᠣ ᠶᠠᠨ ᠬᠤᠩ ᠪᠦᠯᠬᠦᠮ ᠳᠠᠭᠠᠭᠤᠯᠤᠨ ᠴᠧᠩᠳᠦ ᠬᠤᠲᠠ ᠶᠢᠨ ᠵᠠᠮ ᠬᠥᠭᠦᠷᠭᠡ ᠶᠢᠨ ᠢᠨᠵᠧᠨᠧᠷᠢᠩ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠬᠦᠷᠴᠦ ᠬᠠᠶᠢᠯᠤᠭᠤᠷ ᠵᠣᠩᠰᠢ ᠶᠢᠨ ᠠᠭᠤᠷᠬᠠᠶ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ ᠂ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠵᠢᠴᠢ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠯᠦᠭᠯᠡᠯ ᠤᠨ ᠲᠥᠷᠥᠯ ᠵᠦᠢᠯ ᠢ ᠵᠣᠯᠭᠠᠭᠤᠯᠤᠨ ᠵᠥᠪᠳᠡᠯᠴᠡᠬᠦ ᠶᠢᠨ ᠬᠠᠮᠲᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠴᠧᠩᠳᠦ ᠬᠤᠲᠠ ᠶᠢᠨ ᠵᠠᠮ  ᠬᠥᠭᠦᠷᠭᠡ ᠶᠢᠨ ᠢᠨᠵᠧᠨᠧᠷᠢᠩ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠨ ᠰᠢᠶᠤᠤ ᠴᠢᠩ᠂ ᠺᠣᠮᠫᠠᠨᠢ ᠶᠢᠨ ᠬᠡᠷᠡᠭ ᠮᠡᠳᠡᠭᠴᠢ᠂ ᠶᠡᠷᠦᠩᠬᠡᠶ ᠳᠠᠭᠠᠭᠠᠮᠠᠯ ᠴᠧᠩ ᠮᠢᠩ ᠯᠠᠩ᠂ ᠴᠧᠩ ᠯᠦ ᠵᠢᠤᠢ ᠶᠤᠸᠠᠨ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠭᠤᠤ ᠬᠤᠸᠠ ᠪᠢᠨ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠯᠢᠦᠶ ᠬᠠᠶ ᠳ᠋ᠦᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠴᠢᠦ ᠶᠧ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠶᠣᠰᠣᠯᠠᠯ ᠳᠤ ᠣᠷᠣᠯᠴᠠᠵᠠᠶ᠃    ᠵᠣᠣ ᠶᠠᠨ ᠬᠤᠩ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠲᠥᠷᠥᠯ ᠵᠦᠢᠯ ᠤᠨ ᠭᠡᠷ᠎ᠡ ᠲᠣᠭᠲᠠᠬᠤ ᠪᠣᠯ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠰᠠᠶᠢᠨ ᠡᠬᠢᠯᠡᠯᠲᠡ ᠮᠥᠨ᠃ ᠬᠤᠶᠠᠷ ᠲᠠᠯ᠎ᠠ ᠪᠠᠷ ᠢᠶᠠᠨ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠲᠣᠭᠲᠠᠭᠰᠠᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ᠂ ᠡᠯ᠎ᠡ ᠵᠦᠢᠯ ᠤᠨ ᠠᠵᠢᠯ ᠢᠶᠠᠨ ᠲᠦᠷᠭᠡᠳᠬᠡᠨ ᠠᠬᠢᠭᠤᠯᠵᠤ᠂ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠳᠥᠯᠭᠢᠨ ᠠᠬᠢᠭᠤᠯᠵᠤ᠂ ᠬᠠᠷᠠᠴᠢᠨ ᠬᠤᠰᠢᠭᠤᠨ ᠤ ᠠᠭᠤᠷᠬᠠᠶ ᠶᠢᠨ ᠦᠢᠯᠡᠰ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠨᠡᠭᠡᠭᠡᠬᠦ ᠶᠢ ᠬᠦᠰᠡᠵᠦ ᠪᠠᠶᠢᠨ᠎ᠠ ᠭᠡᠵᠡᠶ᠃ ᠬᠤᠶᠠᠷ ᠲᠠᠯ᠎ᠠ ᠪᠠᠷ ᠢᠶᠠᠨ ᠨᠢᠭᠡ ᠰᠡᠳᠬᠢᠯ ᠨᠢᠭᠡ ᠵᠣᠷᠢᠭ ᠢᠶᠠᠷ ᠣᠳᠣ ᠶᠢᠨ ᠪᠠᠶᠢᠭ᠎ᠠ ᠠᠭᠤᠷᠬᠠᠢ ᠶᠢᠨ ᠡᠷᠬᠡ ᠶᠢ ᠨᠡᠶᠢᠳᠬᠡᠬᠦ ᠶᠢ ᠲᠦᠷᠭᠡᠳᠬᠡᠨ ᠠᠬᠢᠭᠤᠯᠤᠭᠰᠠᠨ ᠰᠠᠭᠤᠷᠢᠨ ᠳᠡᠭᠡᠷ᠎ᠡ᠂ ᠬᠤᠭᠤᠰᠣᠨ ᠣᠷᠣᠨ ᠢ ᠬᠠᠶᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠠᠶᠢᠯᠤᠭᠤᠷ ᠵᠣᠩᠰᠢ ᠶᠢᠨ ᠲᠤᠬᠠᠶ ᠶᠢᠨ ᠭᠠᠵᠠᠷ ᠲᠤᠨᠢ ᠨᠠᠷᠢᠯᠢᠭ ᠪᠣᠯᠪᠠᠰᠤᠷᠠᠭᠤᠯᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢ ᠠᠬᠢᠭᠤᠯᠵᠤ᠂ ᠨᠢᠭᠡᠨᠲᠡ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠬᠠᠷᠠᠯᠲᠠ ᠪᠠᠨ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃ ᠬᠤᠶᠠᠷ ᠲᠠᠯ᠎ᠠ ᠪᠠᠷ ᠢᠶᠠᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠵᠢᠯ ᠤᠨ ᠲᠤᠰᠬᠠᠢ ᠠᠩᠬᠢ ᠪᠠᠶᠢᠭᠤᠯᠵᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠵᠤ ᠪᠠᠶᠢᠭ᠎ᠠ ᠡᠯ᠎ᠡ ᠲᠦᠷᠦᠯ ᠤᠨ ᠬᠦᠴᠢᠷᠳᠡᠯ ᠪᠣᠯᠤᠨ ᠠᠰᠠᠭᠤᠳᠠᠯ ᠢ ᠬᠠᠮᠵᠢᠯᠴᠠᠨ ᠰᠢᠢᠳᠪᠦᠷᠢᠯᠡᠵᠦ᠂ ᠲᠦᠷᠦᠯ ᠵᠦᠢᠯ ᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠶᠢ ᠬᠦᠰᠡᠵᠦ ᠪᠠᠶᠢᠨ᠎ᠠ ᠭᠡᠵᠡᠢ᠃ ᠬᠠᠷᠠᠴᠢᠨ ᠬᠤᠰᠢᠭᠤ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡ ᠶᠢ ᠨᠠᠷᠢᠯᠢᠭ ᠣᠨᠣᠴᠠᠲᠠᠶ ᠪᠠᠷ ᠰᠠᠶᠢᠲᠤᠷ ᠬᠢᠵᠦ᠂ ᠠᠵᠤ ᠠᠬᠤᠶᠢᠯᠠᠯ ᠤᠨ ᠬᠥᠭᠵᠢᠯᠲᠡ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠪᠥᠬᠦ ᠲᠠᠯ᠎ᠠ ᠶᠢᠨ ᠬᠦᠴᠦᠨ ᠵᠦᠢᠯ ᠤᠨ ᠪᠠᠲᠤᠯᠠᠭ᠎ᠠ ᠬᠠᠩᠭᠠᠨ᠎ᠠ᠃    ᠯᠢᠨ ᠰᠢᠶᠤᠤ ᠴᠢᠩ ᠠᠴᠠ᠂ ᠬᠠᠷᠠᠴᠢᠨ ᠬᠤᠰᠢᠭᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ᠂ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠴᠧᠩᠳᠦ ᠬᠤᠳᠠ ᠶᠢᠨ ᠵᠠᠮ ᠬᠥᠭᠦᠷᠭᠡ ᠶᠢᠨ ᠢᠨᠵᠧᠨᠧᠷᠢᠩ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠶᠢᠯᠤᠭᠤᠷ ᠵᠣᠩᠰᠢ ᠶᠢᠨ ᠡᠬᠢ ᠪᠠᠶᠠᠯᠢᠭ ᠠᠭᠤᠷᠬᠠᠢ ᠶᠢᠨ ᠡᠷᠬᠡ ᠶᠢ ᠨᠡᠶᠢᠳᠬᠡᠬᠦ ᠵᠡᠷᠭᠡ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠤᠭᠰᠠᠨ ᠰᠠᠭᠤᠷᠢᠨ ᠳᠡᠭᠡᠷ᠎ᠡ᠂ ᠤᠯᠠᠮ ᠴᠢᠨᠠᠭᠰᠢᠳᠠ ᠭᠦᠨᠵᠡᠭᠡᠢ ᠵᠣᠯᠭᠠᠭᠤᠯᠤᠨ ᠰᠣᠯᠢᠯᠴᠠᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠬᠡᠵᠦ᠂ ᠨᠡᠩ ᠤᠯᠠᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠤ ᠠᠬᠤᠶᠢᠯᠠᠯ ᠪᠣᠯᠤᠨ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠦ ᠢᠯᠡᠳᠬᠡᠪᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号