ᠬᠠᠷᠠᠴᠢᠨ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠶᠢᠨ ᠲᠤᠰᠢᠶᠠᠯ ᠡᠭᠦᠷᠭᠡᠯᠡᠬᠦ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/18
ᠬᠠᠷᠠᠴᠢᠨ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠶᠢᠨ ᠲᠤᠰᠢᠶᠠᠯ ᠡᠭᠦᠷᠭᠡᠯᠡᠬᠦ ᠶᠡᠭᠡ ᠬᠤᠷᠠᠯ ᠬᠤᠷᠠᠯᠳᠤᠪᠠ  10 ᠰᠠᠷ᠎ᠠ ᠶᠢᠨ 18 ᠤ ᠡᠳᠦᠷ᠂ ᠬᠠᠷᠠᠴᠢᠨ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠶᠢᠨ ᠲᠤᠰᠢᠶᠠᠯ ᠡᠭᠦᠷᠭᠡᠯᠡᠬᠦ ᠶᠡᠭᠡ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ᠂ ᠠᠬᠠᠯᠠᠬᠤ ᠬᠤᠷᠠᠩᠳᠠ ᠶᠢᠨ ᠤᠯᠤᠰ ᠲᠥᠷᠥ ᠶᠢᠨ ᠭᠡᠰᠢᠭᠦᠨ ᠴᠧᠨ ᠲᠠᠢ ᠰᠢᠨ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠵᠣᠣ ᠶᠠᠨ ᠬᠤᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠯᠢᠦᠶ ᠬᠠᠶ ᠳ᠋ᠦᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠴᠢᠦ ᠶᠧ ᠬᠤᠷᠠᠯ ᠳᠤ ᠣᠷᠣᠯᠴᠠᠵᠤ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠨᠠᠮ ᠤᠨ ︵ᠠᠵᠤ ᠦᠢᠯᠡᠳᠪᠦᠷᠢ︶ ᠬᠤᠷᠢᠶ᠎ᠠ ᠶᠢᠨ ᠱᠦᠵᠢ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠵᠡᠪᠰᠡᠭᠲᠦ ᠬᠦᠴᠦᠨ ᠤ ᠠᠵᠢᠯᠲᠠᠨ ᠪᠠ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠪᠥᠬᠦ ᠬᠥᠮᠦᠰ ᠬᠤᠷᠠᠯ ᠳᠤ ᠣᠷᠣᠯᠴᠠᠵᠠᠶ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠸᠠᠩ ᠯᠢᠩ ᠬᠤᠷᠠᠯ ᠢ ᠡᠷᠭᠢᠯᠡᠪᠡ᠃  ᠶᠡᠭᠡ ᠬᠤᠷᠠᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠳᠠᠭᠤᠤ︾ ᠶᠢᠨ ᠳᠠᠭᠤᠤ ᠶᠢᠨ ᠳᠤᠮᠳᠠ ᠡᠬᠢᠯᠡᠪᠡ᠃ ᠴᠸᠨ ᠲᠠᠢ ᠱᠢᠨ ᠵᠣᠣ ᠶᠠᠨ ᠬᠤᠩ ᠢ ᠬᠠᠷᠠᠴᠢᠨ ᠬᠤᠱᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶ᠎ᠠ ᠶᠢᠨ ᠭᠡᠱᠢᠭᠦᠨ ᠢᠶᠠᠷ ᠨᠡᠮᠡᠵᠦ ᠨᠥᠬᠦᠪᠥᠷᠢᠯᠡᠬᠦ ᠨᠢᠭᠡᠳᠦᠭᠡᠷ ᠱᠦᠵᠢ ᠶᠢᠨ ᠲᠤᠱᠢᠶᠠᠯ ᠢ ᠡᠭᠦᠷᠭᠡᠯᠡᠨ᠎ᠡ ᠭᠡᠵᠦ ᠨᠡᠢᠲᠡᠯᠡᠪᠡ᠃ ᠴᠧᠨ ᠲᠠᠢ ᠰᠢᠨ ᠴᠢᠬᠤᠯᠠᠴᠢᠯᠠᠬᠤ ᠳᠠᠭᠠᠨ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠤᠳᠤᠷᠢᠳᠬᠤ ᠪᠠᠭ ᠤᠨ ᠪᠤᠰᠤᠳ ᠤᠳᠤᠷᠢᠳᠬᠤ ᠨᠥᠬᠦᠳ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠬᠡᠵᠦ ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠲᠦᠷᠢᠮ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠬᠤᠰᠢᠭᠤ᠂ ᠰᠢᠶᠠᠩ ᠬᠤᠶᠠᠷ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢ ᠶᠡᠬᠡᠪᠡᠷ ᠬᠠᠯᠠᠮᠵᠢᠯᠠᠨ ᠳᠡᠮᠵᠢᠵᠦ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠨᠢ ᠣᠷᠣᠨ ᠨᠤᠲᠤᠭ ᠤᠨ ᠬᠡᠷᠡᠭᠴᠡᠭᠡ᠂ ᠣᠯᠠᠨ ᠲᠦᠮᠡᠨ ᠤ ᠬᠦᠰᠡᠯ᠂ ᠴᠡᠷᠢᠭ ᠠᠩᠭᠢ ᠶᠢᠨ ᠴᠢᠳᠠᠪᠤᠷᠢ ᠳᠠᠭᠠᠨ ᠰᠠᠭᠤᠷᠢᠯᠠᠨ᠂ ᠬᠠᠷᠠᠴᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠰᠢᠨ᠎ᠡ ᠭᠠᠪᠢᠶ᠎ᠠ ᠪᠠᠶᠢᠭᠤᠯᠵᠤ ᠂ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠶ᠃  ᠵᠤᠤ ᠶᠠᠨ ᠬᠤᠩ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶ᠎ᠠ ᠶᠢᠨ ᠲᠣᠮᠢᠯᠠᠭᠰᠠᠨ ᠲᠣᠭᠲᠠᠭᠠᠯ ᠢ ᠪᠦᠷᠢᠮᠦᠰᠦᠨ ᠬᠦᠷᠢᠶᠡᠯᠡᠵᠦ᠂ ᠡᠷᠡᠰ ᠳᠠᠭᠠᠨ᠎ᠠ᠃ ᠣᠶᠢᠷ᠎ᠠ ᠶᠢᠨ ᠵᠢᠯ ᠠᠴᠠ ᠨᠠᠰᠢ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶ᠎ᠠ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ ᠡᠯ᠎ᠡ ᠵᠦᠢᠯ ᠤᠨ ᠠᠵᠢᠯ ᠢᠯᠡᠳᠲᠡ ᠠᠮᠵᠢᠯᠲᠠ ᠣᠯᠵᠠᠶ᠃ ᠢᠯᠠᠩᠭᠤᠶ᠎ᠠ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠡᠮᠵᠢᠬᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠬᠤ᠂ ᠠᠶᠤᠯ ᠭᠠᠮᠰᠢᠭ ᠠᠴᠠ ᠠᠪᠤᠷᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠵᠡᠷᠭᠡ ᠲᠠᠯ᠎ᠠ ᠪᠠᠷ ᠴᠢᠬᠤᠯᠠ ᠬᠤᠪᠢ ᠨᠡᠮᠡᠷᠢ ᠦᠵᠡᠭᠦᠯᠪᠡ᠃ ᠬᠤᠶᠢᠰᠢᠳᠠ ᠬᠤᠭᠤᠴᠠᠭ᠎ᠠ ᠪᠦᠷᠢ ᠶᠢᠨ ᠤᠳᠤᠷᠢᠳᠬᠤ ᠪᠠᠭ ᠤᠨ ᠰᠠᠶᠢᠨ ᠤᠯᠠᠮᠵᠢᠯᠠᠯ᠂ ᠰᠠᠶᠢᠨ ᠠᠷᠭ᠎ᠠ ᠬᠢᠳᠡᠯ ᠢ ᠵᠠᠯᠭᠠᠮᠵᠢᠯᠠᠨ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠤᠯᠤᠰ ᠲᠥᠷᠥ ᠶᠢᠨ ᠤᠬᠠᠮᠰᠠᠷ᠂ ᠪᠠᠶᠢᠯᠳᠤᠬᠤ ᠪᠣᠳᠣᠯᠭ᠎ᠠ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠴᠡᠷᠢᠭ ᠠᠩᠭᠢ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠶᠡᠬᠡᠪᠡᠷ ᠴᠢᠩᠭᠠᠳᠬᠠᠵᠤ᠂ ᠬᠠᠷᠠᠴᠢᠨ ᠬᠤᠰᠢᠭᠤᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠰᠢᠨ᠎ᠡ ᠪᠠᠶᠢᠳᠠᠯ ᠢ ᠡᠭᠦᠳᠴᠦ᠂ ᠳᠠᠬᠢᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠤᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号