ᠰᠤᠶᠤᠯ ᠵᠢᠭᠤᠯᠴᠢᠯᠠᠯ  ᠤᠨ ᠠᠯᠲᠠᠨ ᠨᠠᠮᠤᠷ - ᠥᠪᠥᠷ ᠮᠣᠩᠭᠤᠯ ᠤᠨ ᠤᠯᠠᠭᠠᠨᠬᠠᠳᠠ ᠬᠤᠲᠠ ᠬᠥᠳᠡᠭᠡ ᠲᠣᠰᠬᠤᠨ ᠤ ᠵᠢᠭᠤᠯᠴᠢᠯᠠᠯ ᠤᠨ ᠨᠠᠶᠢᠷ ᠨᠠᠭᠠᠳᠤᠮ ᠡᠬᠢᠯᠡᠪᠡ
ᠨᠡᠶᠢᠲᠡᠯᠡᠭᠰᠡᠨ ᠴᠠᠭ᠄
2024/10/21
 ᠰᠤᠶᠤᠯ ᠵᠢᠭᠤᠯᠴᠢᠯᠠᠯ  ᠤᠨ ᠠᠯᠲᠠᠨ ᠨᠠᠮᠤᠷ - ᠥᠪᠥᠷ ᠮᠣᠩᠭᠤᠯ ᠤᠨ ᠤᠯᠠᠭᠠᠨᠬᠠᠳᠠ ᠬᠤᠲᠠ ᠬᠥᠳᠡᠭᠡ ᠲᠣᠰᠬᠤᠨ ᠤ ᠵᠢᠭᠤᠯᠴᠢᠯᠠᠯ ᠤᠨ ᠨᠠᠶᠢᠷ ᠨᠠᠭᠠᠳᠤᠮ ᠡᠬᠢᠯᠡᠪᠡ  2024 ᠤᠯᠠᠭᠠᠨᠬᠠᠳᠠ ᠬᠤᠲᠠ ᠶᠢᠨ ᠬᠥᠳᠡᠭᠡ ᠲᠣᠰᠬᠤᠨ ᠤ ᠵᠢᠭᠤᠯᠴᠢᠯᠠᠯ ᠤᠨ ᠦᠪᠡᠳᠡᠭᠰᠢ ᠨᠠᠶᠢᠷ ᠤᠨ ᠠᠵᠢᠯᠯᠠᠭ᠎ᠠ ᠣᠶᠢᠷ᠎ᠠ ᠳᠤ ᠬᠠᠷᠠᠴᠢᠨ ᠬᠤᠰᠢᠭᠤᠨ ᠤ ᠸᠠᠩ ᠶᠸ ᠹᠦ᠋ ᠪᠠᠯᠭᠠᠰᠤᠨ ᠳᠤ ᠡᠬᠢᠯᠡᠪᠡ᠃ ᠲᠣᠰ ᠤᠳᠠᠭᠠᠨ ᠤ ᠠᠵᠢᠯᠯᠠᠭ᠎ᠠ ᠶᠢ ᠤᠯᠠᠭᠠᠨᠬᠠᠳᠠ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠡᠷᠭᠢᠯᠡᠵᠦ᠂ ᠪᠥᠬᠦ ᠬᠤᠲᠠ ᠶᠢᠨ ᠬᠥᠳᠡᠭᠡ ᠲᠣᠰᠬᠤᠨ ᠤ ᠵᠢᠭᠤᠯᠴᠢᠯᠠᠯ ᠤᠨ ᠡᠬᠢ ᠪᠠᠶᠠᠯᠢᠭ ᠪᠠ ᠰᠣᠶᠣᠯ ᠤᠨ ᠠᠭᠤᠯᠬᠤᠨ ᠢ ᠭᠦᠨᠵᠡᠭᠡᠶ ᠠᠭᠤᠳᠠᠯᠤᠨ ᠭᠦᠢᠴᠡᠳ ᠠᠰᠢᠭᠯᠠᠵᠤ᠂ ᠤᠯᠠᠭᠠᠨᠬᠠᠳᠠ ᠬᠤᠲᠠ ᠶᠢᠨ ᠬᠥᠳᠡᠭᠡ ᠲᠣᠰᠬᠤᠨ ᠤ ᠪᠠᠶᠢᠭᠠᠯᠢ ᠶᠢᠨ ᠥᠩᠭᠡ ᠦᠵᠡᠮᠵᠢ᠂ ᠠᠷᠠᠳ ᠤᠨ ᠵᠠᠩ ᠦᠢᠯᠡ ᠶᠢᠨ ᠰᠣᠶᠣᠯ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠵᠢᠴᠢ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠥᠬᠦ ᠲᠠᠯ᠎ᠠ ᠪᠠᠷ ᠳᠡᠯᠭᠡᠨ ᠦᠵᠡᠭᠦᠯᠬᠦ ᠪᠠᠷ ᠵᠣᠷᠢᠯᠭ᠎ᠠ ᠪᠠᠨ ᠪᠣᠯᠭᠠᠪᠠ᠃  ᠬᠠᠷᠠᠴᠢᠨ ᠴᠢᠨ ᠸᠠᠩ ᠤᠨ ᠣᠷᠳᠣᠨ ᠳᠤ᠂ ᠣᠯᠠᠨ ᠢᠶᠠᠷ ᠢᠶᠠᠨ ᠬᠠᠷᠠᠴᠢᠨ ᠬᠤᠰᠢᠭᠤᠨ ᠤ ᠲᠡᠦᠬᠡ ᠰᠣᠶᠣᠯ ᠢ ᠭᠦᠨᠵᠡᠭᠡᠶ ᠣᠶᠢᠯᠠᠭᠠᠵᠤ᠂ ᠳᠠᠷᠠᠭ᠎ᠠ ᠨᠢ ᠬᠠᠷᠠᠴᠢᠨ ᠬᠤᠰᠢᠭᠤᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠵᠠᠰᠠᠮᠠᠯ ᠵᠠᠮ ᠤᠨ ᠪᠠᠶ ᠯᠠ ᠱᠤᠭᠤᠮ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠣᠭᠤᠷᠢᠨ ᠦᠵᠡᠭᠰᠡᠨ ᠪᠥᠭᠡᠳ ᠲᠤᠬᠠᠶ ᠶᠢᠨ ᠭᠠᠵᠠᠷ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠶᠢ ᠲᠣᠭᠤᠷᠢᠨ ᠦᠵᠡᠪᠡ᠃ ᠡᠯᠪᠡᠭ ᠪᠠᠶᠠᠯᠢᠭ ᠵᠢᠭᠤᠯᠴᠢᠯᠠᠯ ᠤᠨ ᠠᠵᠢᠯᠯᠠᠭ᠎ᠠ ᠨᠢ ᠲᠣᠰ ᠬᠤᠰᠢᠭᠤᠨ ᠤ ᠣᠶᠢᠷ᠎ᠠ ᠶᠢᠨ ᠵᠢᠯ ᠤᠨ ᠲᠤᠷᠰᠢᠬᠢ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠣᠯᠠᠨ ᠳᠤ ᠮᠡᠳᠡᠷᠡᠭᠦᠯᠪᠡ   ᠠᠮᠲᠠᠲᠤ ᠢᠳᠡᠭᠡᠨ ᠠᠮᠲᠠᠯᠠᠬᠤ ᠣᠷᠣᠨ ᠳᠤ ᠬᠠᠷᠠᠴᠢᠨ ᠬᠤᠰᠢᠭᠤᠨ ᠤ ᠤᠲᠤᠮᠠᠯ ᠲᠠᠬᠢᠶ᠎ᠠ᠂ ᠰᠢᠷᠠᠭᠰᠠᠨ ᠮᠢᠬ᠎ᠠ ᠵᠡᠷᠭᠡ ᠤᠯᠠᠮᠵᠢᠯᠠᠯᠲᠤ ᠠᠮᠲᠠᠲᠤ ᠢᠳᠡᠭᠡᠨ ᠤᠯᠠᠨ ᠨᠡᠢᠲᠡ ᠶᠢᠨ ᠬᠦᠷᠢᠶᠡᠯᠡᠯ ᠢ ᠣᠯᠵᠠᠢ᠃ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠲᠣᠭᠯᠠᠯᠲᠠ ᠶᠢᠨ ᠲᠣᠭᠤᠷᠢᠭ ᠲᠤ᠂ ᠬᠢᠲᠠᠳ ᠬᠤᠪᠴᠠᠰᠤ ᠵᠠᠰᠠᠯ ᠴᠢᠮᠡᠭᠯᠡᠯ ᠤᠨ ᠵᠦᠴᠦᠭᠡ᠂ ᠰᠡᠭᠦᠳᠡᠷ ᠰᠢ ᠵᠦᠴᠦᠭᠡ᠂ ᠬᠠᠶᠢᠯᠠᠰᠤᠨ ᠬᠡᠩᠭᠡᠷᠭᠡ ᠳᠡᠯᠡᠳᠬᠦ ᠵᠡᠷᠭᠡ ᠭᠤᠶᠢᠳᠠ ᠰᠠᠶᠢᠬᠠᠨ ᠲᠣᠭᠯᠠᠯᠲᠠ ᠨᠢ ᠪᠠᠰᠠ ᠵᠤᠭᠠᠴᠠᠭᠰᠠᠳ ᠢ ᠲᠠᠲᠠᠵᠤ ᠺᠠᠷᠳ᠋ᠯᠠᠨ ᠰᠡᠭᠦᠳᠡᠷᠯᠡᠭᠦᠯᠪᠡ᠃  ᠣᠶᠢᠷ᠎ᠠ ᠶᠢᠨ ᠵᠢᠯ ᠠᠴᠠ ᠨᠠᠭᠠᠰᠢ᠂ ᠬᠠᠷᠠᠴᠢᠨ ᠬᠤᠰᠢᠭᠤ ᠬᠥᠳᠡᠭᠡ ᠲᠣᠰᠬᠤᠨ ᠤ ᠠᠮᠢ ᠠᠬᠤᠶ ᠶᠢᠨ ᠳᠠᠪᠠᠭᠤᠯᠢᠭ ᠲᠤ ᠲᠦᠰᠢᠭᠯᠡᠨ᠂ ᠦᠵᠡᠮᠵᠢ ᠶᠢᠨ ᠣᠷᠣᠨ ᠢ ᠳᠠᠶᠢᠴᠢᠯᠠᠬᠤ᠂ ᠲᠥᠷᠥ ᠶᠢᠨ ᠪᠣᠳᠣᠯᠭ᠎ᠠ ᠪᠠᠷ ᠠᠬᠢᠭᠤᠯᠬᠤ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠬᠦᠴᠦᠯᠡᠨ ᠪᠤᠶᠢᠵᠢᠭᠤᠯᠵᠤ᠂ ᠣᠲᠣ ᠨᠢᠭᠡᠨᠲᠡ ᠪᠥᠬᠦ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠲᠣᠰ ᠲᠣᠰ 3 ᠪᠣᠯᠵᠣ᠂ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠨᠴᠠᠯᠢᠬᠳᠤ ᠲᠣᠰᠬᠤᠨ 1 ᠪᠣᠯᠵᠣ᠂ ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ 142 ᠪᠣᠯᠵᠣ᠂ ᠡᠭᠦᠨ ᠳᠤ ᠭᠤᠷᠪᠠᠨ ᠣᠳᠣᠨ ᠲᠠᠰ ᠠᠴᠠ ᠳᠡᠭᠡᠭᠰᠢᠬᠢ ᠭᠥᠯᠢᠶᠡᠨ ᠠᠪᠬᠤ ᠡᠷᠦᠬᠡ 15 ᠪᠣᠯᠵᠣ᠂ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠪᠠ ᠣᠳᠣᠨ ᠲᠠᠰ ᠤᠨ ᠭᠥᠯᠢᠶᠡᠨ ᠠᠪᠬᠤ ᠡᠷᠦᠬᠡ ᠶᠢᠨ ᠲᠤᠭ᠎ᠠ ᠪᠥᠬᠦ ᠬᠤᠲᠠ ᠶᠢᠨ ᠬᠠᠭᠠᠰ ᠠᠴᠠ ᠳᠡᠭᠡᠭᠰᠢᠬᠢ ᠶᠢ ᠡᠵᠡᠯᠡᠪᠡ᠃ ᠣᠳᠣᠬᠠᠨ ᠳᠤ᠂ ᠬᠠᠷᠠᠴᠢᠨ ᠬᠤᠰᠢᠭᠤᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ ᠬᠥᠮᠦᠨ ᠤᠳᠠᠭ᠎ᠠ ᠪᠠ ᠵᠢᠭᠤᠯᠴᠢᠯᠠᠯ ᠤᠨ ᠶᠡᠷᠦᠩᠬᠡᠶ ᠵᠠᠷᠤᠳᠠᠯ ᠪᠥᠬᠦ ᠬᠤᠰᠢᠭᠤᠨ ᠤ ᠵᠢᠭᠤᠯᠴᠢᠯᠠᠯ ᠤᠨ ᠭᠥᠯᠢᠶᠡᠨ ᠠᠪᠬᠤ ᠬᠥᠮᠦᠨ ᠤᠳᠠᠭ᠎ᠠ ᠪᠠ ᠵᠢᠭᠤᠯᠴᠢᠯᠠᠯ ᠤᠨ ᠶᠡᠷᠦᠩᠬᠡᠶ ᠵᠠᠷᠤᠳᠠᠯ 44 % ᠶᠢ ᠡᠵᠡᠯᠡᠵᠦ᠂ ᠪᠥᠬᠦ ᠬᠤᠰᠢᠭᠤᠨ ᠤ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠳᠥᠯᠭᠢᠨ ᠠᠬᠢᠭᠤᠯᠬᠤ ᠴᠢᠬᠤᠯᠠ ᠲᠤᠯᠭᠠᠭᠤᠷᠢᠯᠠᠯ ᠪᠣᠯᠤᠭᠰᠠᠨ ᠪᠠᠶᠢᠨ᠎ᠠ᠃  ᠣᠶᠢᠯᠠᠭᠠᠭᠰᠠᠨ ᠢᠶᠠᠷ᠂ 2024 ᠣᠨ ᠳᠤ ᠬᠠᠷᠠᠴᠢᠨ ᠬᠤᠰᠢᠭᠤ ᠬᠥᠳᠡᠭᠡ ᠲᠣᠰᠬᠤᠨ ᠤ ᠵᠢᠭᠤᠯᠴᠢᠯᠠᠯ ᠤᠨ ᠲᠥᠷᠥᠯ ᠵᠦᠢᠯ ᠢ 5 ᠬᠡᠷᠡᠭᠵᠢᠭᠦᠯᠵᠦ᠂ ᠨᠡᠶᠢᠲᠡ 2.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠃ ᠣᠳᠣᠬᠠᠨ ᠳᠤ ᠪᠠᠶ ᠯᠠ ᠬᠦᠷᠬᠦ ᠵᠢᠭᠤᠯᠴᠢᠯᠠᠯ ᠤᠨ ᠵᠠᠰᠠᠮᠠᠯ ᠵᠠᠮ ᠢ ᠨᠢᠭᠡᠨᠲᠡ ᠪᠠᠶᠢᠭᠤᠯᠵᠤ ᠳᠠᠭᠤᠰᠬᠠᠭᠠᠳ ᠲᠡᠷᠭᠡ ᠨᠡᠪᠲᠡᠷᠡᠭᠦᠯᠵᠦ᠂ ᠪᠤᠰᠤᠳ ᠲᠥᠷᠥᠯ ᠵᠦᠢᠯ ᠢ ᠵᠢᠱᠢᠯᠲᠡ ᠪᠠᠷ 2025 ᠣᠨ ᠳᠤ ᠪᠠᠷᠢᠵᠤ ᠳᠠᠭᠤᠰᠬᠠᠨ᠎ᠠ᠃ ᠲᠥᠷᠥᠯ ᠵᠦᠢᠯ ᠢ ᠪᠦᠬᠦᠨ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠲᠤᠬᠠᠶ ᠶᠢᠨ ᠭᠠᠵᠠᠷ ᠤᠨ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠴᠢᠬᠤᠯᠠ ᠠᠬᠢᠭᠤᠯᠬᠤ ᠦᠢᠯᠡᠳᠦᠯ ᠦᠵᠡᠭᠦᠯᠵᠦ᠂ ᠵᠢᠭᠤᠯᠴᠢᠯᠠᠯ ᠤᠨ ᠲᠠᠷᠢᠶᠠᠯᠠᠩ ᠤᠨ ᠰᠣᠶᠣᠯ ᠤᠨ ᠡᠵᠡᠩᠨᠡᠯᠲᠡ ᠶᠢᠨ ᠬᠡᠯᠪᠡᠷᠢ ᠶᠢᠨ ᠠᠭᠤᠰᠤᠯᠴᠠᠯ ᠢᠶᠠᠷ ᠳᠠᠮᠵᠢᠭᠤᠯᠤᠨ᠂ ᠠᠵᠤ ᠦᠢᠯᠡᠰ ᠤᠨ ᠬᠡᠯᠬᠢᠶ᠎ᠡ ᠶᠢ ᠪᠦᠲᠦᠮᠵᠢᠲᠡᠶ ᠥᠷᠭᠡᠳᠬᠡᠵᠦ᠂ ᠬᠥᠳᠡᠭᠡ ᠲᠣᠰᠬᠤᠨ ᠤ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠥᠷᠭᠡᠳᠬᠡᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠪᠣᠯᠤᠨ᠎ᠠ᠃  ︽ᠲᠣᠰ ᠤᠳᠠᠭᠠᠨ ᠤ ᠦᠪᠡᠳᠡᠭᠰᠢ ᠴᠤᠭᠯᠠᠭᠠᠨ ᠪᠣᠯ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠲᠠᠪᠴᠠᠩ ᠪᠣᠯᠬᠤ ᠪᠠᠷ ᠪᠠᠷᠠᠬᠤ ᠥᠬᠡᠶ᠂ ᠪᠠᠰᠠ ᠴᠤ ᠪᠥᠬᠦ ᠬᠤᠲᠠ ᠶᠢᠨ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠴᠢᠬᠤᠯᠠ ᠠᠴᠢᠶᠠᠯᠠᠪᠤᠷᠢ ᠮᠥᠨ᠂ ᠪᠢᠳᠡ ᠡᠭᠦᠨ ᠢᠶᠠᠷ ᠠᠵᠠ ᠲᠣᠬᠢᠶᠠᠯ ᠪᠣᠯᠭᠠᠵᠤ᠂ ᠬᠠᠷᠠᠴᠢᠨ ᠬᠤᠰᠢᠭᠤᠨ ᠤ ᠡᠯᠪᠡᠭ ᠪᠠᠶᠠᠯᠢᠭ ᠣᠯᠠᠨ ᠶᠠᠩᠵᠤ ᠶᠢᠨ ᠵᠢᠭᠤᠯᠴᠢᠯᠠᠯ ᠤᠨ ᠦᠢᠯᠡᠰ ᠢ ᠪᠥᠬᠦ ᠲᠠᠯ᠎ᠠ ᠪᠠᠷ᠂ ᠣᠯᠠᠨ ᠬᠠᠷᠠᠭᠠᠰᠤ᠂ ᠥᠷᠭᠡᠨ ᠬᠦᠷᠢᠶ᠎ᠡ ᠪᠠᠷ ᠳᠡᠯᠭᠡᠨ ᠦᠵᠡᠭᠦᠯᠵᠦ᠂ ᠬᠠᠷᠠᠴᠢᠨ ᠬᠤᠰᠢᠭᠤᠨ ᠤ ᠥᠨᠢ ᠤᠳᠠᠭᠠᠨ ᠲᠡᠤᠬᠡ᠂ ᠬᠡᠷᠡᠯ ᠰᠠᠴᠤᠷᠠᠩᠭᠤᠶ ᠰᠣᠶᠣᠯ ᠪᠠ ᠤᠯᠠᠮᠵᠢᠯᠠᠨ ᠬᠥᠭᠵᠢᠭᠦᠯᠬᠦ ᠰᠢᠨ᠎ᠡ ᠳᠠᠪᠰᠢᠯᠲᠠ ᠶᠢ ᠭᠦᠢᠴᠡᠳ ᠳᠡᠯᠭᠡᠨ ᠦᠵᠡᠭᠦᠯᠵᠦ᠂ ᠣᠯᠠᠨᠨᠡᠢᠲᠡ ᠳᠤ ᠬᠠᠷᠠᠴᠢᠨ ᠬᠤᠰᠢᠭᠤᠨ ᠤ ᠰᠦᠷᠯᠢᠭ ᠰᠠᠶᠢᠬᠠᠨ ᠪᠠᠶᠢᠭᠠᠯᠢ ᠶᠢᠨ ᠥᠩᠭᠡ ᠦᠵᠡᠮᠵᠢ᠂ ᠭᠦᠨ ᠵᠤᠵᠠᠭᠠᠨ ᠰᠣᠶᠣᠯ ᠤᠨ ᠠᠭᠤᠯᠬᠤᠨ ᠢ ᠪᠡᠶᠡᠴᠢᠯᠡᠨ ᠣᠶᠢᠯᠠᠭᠠᠭᠤᠯᠵᠤ᠂ ᠥᠪᠡᠷᠮᠢᠴᠡ ᠲᠠᠲᠠᠬᠤ ᠬᠦᠴᠦᠨ ᠲᠠᠢ ᠠᠷᠠᠳ ᠤᠨ ᠵᠠᠩ ᠳᠠᠳᠬᠠᠯ ᠢ ᠮᠡᠳᠡᠷᠡᠭᠦᠯᠦᠨ᠎ᠡ ᠭᠡᠵᠡᠢ᠃ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠱᠢ ᡁᠢ ᠯᠢᠶᠠᠩ ᠢᠯᠡᠳᠬᠡᠪᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号