2024 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠪᠣᠬᠢᠷᠲᠤᠯ ᠥᠬᠡᠶ ᠢᠳᠡᠭᠡᠨ ᠤ ᠤᠬᠠᠭᠤᠯᠭ᠎ᠠ ᠶᠢᠨ ᠰᠠᠷ᠎ᠠ︾ ᠵᠢᠴᠢ ︽ᠣᠷᠭᠠᠨᠢᠭ ᠪᠦᠲᠦᠭᠡᠭᠳᠡᠬᠦᠨ ᠤ ᠭᠡᠷᠡᠴᠢᠯᠡᠯ ᠤᠨ ᠤᠬᠠᠭᠤᠯᠭ᠎ᠠ ᠶᠢᠨ ᠭᠠᠷᠠᠭ︾ ᠤᠨ ᠬᠤᠷᠠᠯ ᠳᠤ ᠣᠷᠣᠯᠴᠠᠭᠰᠠᠳ ᠬᠠᠷᠠᠴᠢᠨ ᠬᠤᠰᠢᠭᠤᠨ ᠳᠤ ᠢᠷᠡᠵᠦ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2024/10/21
2024 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠪᠣᠬᠢᠷᠲᠤᠯ ᠥᠬᠡᠶ ᠢᠳᠡᠭᠡᠨ ᠤ ᠤᠬᠠᠭᠤᠯᠭ᠎ᠠ ᠶᠢᠨ ᠰᠠᠷ᠎ᠠ︾ ᠵᠢᠴᠢ ︽ᠣᠷᠭᠠᠨᠢᠭ ᠪᠦᠲᠦᠭᠡᠭᠳᠡᠬᠦᠨ ᠤ ᠭᠡᠷᠡᠴᠢᠯᠡᠯ ᠤᠨ ᠤᠬᠠᠭᠤᠯᠭ᠎ᠠ ᠶᠢᠨ ᠭᠠᠷᠠᠭ︾ ᠤᠨ ᠬᠤᠷᠠᠯ ᠳᠤ ᠣᠷᠣᠯᠴᠠᠭᠰᠠᠳ ᠬᠠᠷᠠᠴᠢᠨ ᠬᠤᠰᠢᠭᠤᠨ ᠳᠤ ᠢᠷᠡᠵᠦ ᠲᠣᠭᠤᠷᠢᠨ ᠦᠵᠡᠪᠡ  ᠤᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠭᠰᠡᠨ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠪᠣᠬᠢᠷᠲᠤᠯ ᠥᠬᠡᠶ ᠢᠳᠡᠭᠡᠨ ᠤ ᠤᠬᠠᠭᠤᠯᠭ᠎ᠠ ᠶᠢᠨ ᠰᠠᠷ᠎ᠠ︾ ᠵᠢᠴᠢ ︽ᠣᠷᠭᠠᠨᠢᠭ ᠪᠦᠲᠦᠭᠡᠭᠳᠡᠬᠦᠨ ᠤ ᠭᠡᠷᠡᠴᠢᠯᠡᠯ ᠤᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠤᠯᠠᠭᠠᠨᠬᠠᠳᠠ ᠬᠤᠲᠠ ᠳᠤ ᠡᠬᠢᠯᠡᠵᠦ᠂ ᠬᠤᠷᠠᠯ ᠳᠤ ᠣᠷᠣᠯᠴᠠᠭᠰᠠᠳ ᠬᠠᠷᠠᠴᠢᠨ ᠬᠤᠰᠢᠭᠤᠨ ᠤ ᠯᠦᠩ ᠲᠸᠦ ᠱᠠᠨ ᠲᠠᠷᠢᠶᠠᠯᠠᠩ ᠤᠨ ᠲᠤᠰᠬᠠᠶ ᠬᠤᠷᠰᠢᠶ᠎ᠠ ᠳᠤ ᠬᠦᠷᠴᠦ ᠲᠤᠬᠠᠶ ᠶᠢᠨ ᠭᠠᠵᠠᠷ ᠲᠤᠨᠢ ᠲᠣᠭᠤᠷᠢᠨ ᠦᠵᠡᠪᠡ᠃ ᠳᠤᠮᠳᠠᠳᠤ ᠤᠯᠤᠰ ᠤᠨ ᠪᠣᠬᠢᠷᠲᠤᠯ ᠥᠬᠡᠶ ᠢᠳᠡᠭᠡᠨ ᠤ ᠬᠥᠭᠵᠢᠯᠲᠡ ᠶᠢᠨ ᠲᠥᠪ ᠤᠨ ᠳᠡᠳ᠋ ᠡᠷᠬᠢᠯᠡᠭᠴᠢ ᠶᠠᠩ ᠫᠸᠢ ᠱᠧᠩ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠬᠠᠶ ᠱᠠᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠲᠧ ᠮᠧᠩ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠮᠥ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠹᠠᠨ ᠬᠤᠩ ᠬᠤᠸᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠷᠧᠨ ᠬᠠᠶ ᠬᠤᠷᠠᠯ ᠳᠤ ᠣᠷᠣᠯᠴᠠᠵᠤ᠂ ᠬᠤᠰᠢᠭᠤᠨ ᠲᠠᠰ ᠤᠨ ᠤᠳᠤᠷᠢᠳᠤᠯᠭ᠎ᠠ ᠵᠣᠣ ᠶᠠᠨ ᠬᠤᠩ᠂ ᠯᠢᠦᠶ ᠬᠠᠶ ᠳ᠋ᠦᠩ᠂ ᠵᠤᠸᠠᠩ ᠸᠧᠨ ᠳ᠋ᠢ ᠪᠠᠷ᠎ᠠ ᠪᠣᠯᠪᠠ᠃  ᠬᠤᠷᠠᠯ ᠳᠤ ᠣᠷᠣᠯᠴᠠᠭᠰᠠᠳ ᠬᠠᠷᠠᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠯᠦᠩ ᠯᠦᠩ ᠱᠠᠨ ᠲᠠᠷᠢᠶᠠᠯᠠᠩ ᠤᠨ ᠲᠤᠰᠬᠠᠶ ᠬᠤᠷᠰᠢᠶᠠᠵᠢᠯ ᠤᠨ ᠨᠡᠷᠡᠨ ᠬᠡᠷᠡᠯ ᠤᠨ ᠬᠦᠯᠡᠮᠵᠢ ᠳᠤ ᠭᠦᠨᠵᠡᠭᠡᠶᠢᠷᠡᠨ᠂ ᠦᠵᠦᠮ᠂ ᠵᠢᠮᠢᠰᠭᠡᠨ᠎ᠡ᠂ ᠭᠦᠵᠡᠯᠵᠡᠭᠡᠨ᠎ᠡ᠂ ᠵᠦᠷᠵᠢ ᠵᠡᠷᠭᠡ ᠲᠠᠷᠢᠮᠠᠯ ᠤᠨ ᠤᠷᠭᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠣᠬᠢᠷᠲᠤᠯ ᠥᠬᠡᠶ ᠢᠳᠡᠭᠡᠨ ᠪᠠ ᠣᠷᠭᠠᠨᠢᠭ ᠪᠦᠲᠦᠭᠡᠭᠳᠡᠬᠦᠨ ᠢ ᠲᠤᠬᠠᠶ ᠶᠢᠨ ᠭᠠᠵᠠᠷ ᠲᠤᠨᠢ ᠠᠮᠲᠠᠯᠠᠪᠠ᠃ ᠬᠤᠷᠠᠯ ᠳᠤ ᠣᠷᠣᠯᠴᠠᠭᠰᠠᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠳᠣᠲᠣᠨᠣ ᠪᠠᠷ ᠶᠠᠷᠢᠯᠴᠠᠵᠤ᠂ ᠡᠮᠦᠨᠡᠲᠦ ᠵᠢᠮᠢᠰ ᠢ ᠤᠮᠠᠷᠠᠲᠤ ᠣᠷᠣᠨ ᠳᠤ ᠲᠠᠷᠢᠵᠤ ᠤᠷᠭᠤᠭᠤᠯᠬᠤ᠂ ᠲᠠᠷᠢᠶᠠᠯᠠᠩ ᠤᠨ ᠵᠡᠮᠳᠡᠭ ᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ᠂ ᠮᠡᠷᠭᠡᠵᠢᠯ ᠤᠨ ᠬᠡᠷᠡᠭᠯᠡᠯᠲᠡ᠂ ᠪᠦᠲᠦᠭᠡᠭᠳᠡᠬᠦᠨ ᠤ ᠪᠣᠷᠣᠯᠠᠭᠤᠯᠭ᠎ᠠ ᠵᠢᠴᠢ ᠪᠣᠬᠢᠷᠲᠤᠯ ᠥᠬᠡᠶ ᠢᠳᠡᠭᠡᠨ ᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠮᠠᠨ ᠤ ᠬᠤᠰᠢᠭᠤᠨ ᠤ ᠪᠣᠬᠢᠷᠲᠤᠯ ᠥᠬᠡᠶ ᠢᠳᠡᠭᠡᠨ᠂ ᠣᠷᠭᠠᠨᠢᠭ ᠪᠦᠲᠦᠭᠡᠭᠳᠡᠬᠦᠨ ᠤ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠵᠦ ᠭᠦᠶ᠋ᠴᠡᠳ ᠨᠤᠲᠠᠯᠠᠪᠠ᠃  ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ᠂ ᠮᠠᠨ ᠤ ᠬᠤᠰᠢᠭᠤ ᠤᠨᠴᠠᠯᠢᠬᠳᠤ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠰᠢᠯᠭᠠᠨ ᠪᠠᠶᠢᠴᠠᠭᠠᠬᠤ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ︽ᠬᠤᠶᠠᠷ ᠪᠦᠲᠦᠭᠡᠭᠳᠡᠬᠦᠨ ᠨᠢᠭᠡ ᠲᠡᠮᠳᠡᠭ︾ ᠤᠨ ᠭᠡᠷᠡᠴᠢᠯᠡᠯ ᠢ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠪᠡ᠃ ᠣᠳᠣᠬᠠᠨ ᠳᠤ᠂ ᠪᠥᠬᠦ ᠬᠤᠰᠢᠭᠤᠨ ᠳᠤ ᠨᠡᠶᠢᠲᠡ 44 ᠪᠣᠬᠢᠷᠲᠤᠯ ᠥᠬᠡᠶ ᠢᠳᠡᠭᠡᠨ ᠤ ᠭᠡᠷᠡᠴᠢᠯᠡᠯ ᠬᠦᠷᠲᠡᠵᠦ᠂ ᠣᠷᠭᠠᠨᠢᠭ ᠢᠳᠡᠭᠡᠨ ᠤ ᠭᠡᠷᠡᠴᠢᠯᠡᠯ 1᠂ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ 11᠂ ᠭᠠᠵᠠᠷ ᠵᠦᠶ ᠶᠢᠨ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ 6 ᠪᠣᠶ᠃ ᠬᠠᠷᠠᠴᠢᠨ ᠬᠤᠰᠢᠭᠤ ᠶᠢ ᠪᠥᠬᠦ ᠤᠯᠤᠰ ᠤᠨ ᠠᠮᠢ ᠠᠬᠤᠶ ᠶᠢᠨ ᠲᠠᠷᠢᠶᠠᠯᠠᠩ ᠤᠨ ᠲᠤᠷᠰᠢᠯᠲᠠ ᠶᠢᠨ ᠬᠤᠰᠢᠭᠤ᠂ ᠪᠥᠬᠦ ᠤᠯᠤᠰ ᠤᠨ ᠠᠩᠬᠠᠳᠠᠭᠴᠢ ᠪᠦᠯᠦᠭ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ᠂ ᠤᠯᠤᠰ ᠤᠨ ᠲᠠᠷᠢᠶᠠᠯᠠᠩ ᠤᠨ ᠪᠣᠬᠢᠷᠲᠤᠯ ᠥᠬᠡᠶ ᠬᠥᠭᠵᠢᠯᠲᠡ ᠶᠢᠨ ᠬᠤᠰᠢᠭᠤᠴᠢ ᠣᠷᠣᠨ ᠢᠶᠠᠷ ᠣᠷᠣᠭᠤᠯᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号