ᠬᠠᠷᠠᠴᠢᠨ ᠬᠤᠰᠢᠭᠤᠨ ᠤ 12 ᠰᠠᠭᠤᠷᠢ ᠰᠢᠨ᠎ᠡ ᠪᠠᠷ ᠪᠠᠶᠢᠭᠤᠯᠤᠭᠰᠠᠨ ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠤᠳᠠᠯ ᠥᠬᠡᠶ ᠠᠰᠢᠭᠯᠠᠯᠲᠠ ᠳᠤ ᠣᠷᠣᠬᠤ ᠭᠡᠵᠦ ᠪᠠᠶᠢᠨ᠎ᠠ︕
ᠨᠡᠶᠢᠲᠡᠯᠡᠭᠰᠡᠨ ᠴᠠᠭ᠄
2024/10/21
ᠬᠠᠷᠠᠴᠢᠨ ᠬᠤᠰᠢᠭᠤᠨ ᠤ 12 ᠰᠠᠭᠤᠷᠢ ᠰᠢᠨ᠎ᠡ ᠪᠠᠷ ᠪᠠᠶᠢᠭᠤᠯᠤᠭᠰᠠᠨ ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠤᠳᠠᠯ ᠥᠬᠡᠶ ᠠᠰᠢᠭᠯᠠᠯᠲᠠ ᠳᠤ ᠣᠷᠣᠬᠤ ᠭᠡᠵᠦ ᠪᠠᠶᠢᠨ᠎ᠠ︕  ᠾᠧᠨᠠᠨ ᠵᠡᠭᠡᠯᠢ ᠭᠤᠳᠤᠮᠵᠢ ᠶᠢᠨ ᠬᠤᠤ ᠰᠦᠩ ᠭᠸᠤ ᠲᠣᠰᠬᠤᠨ ᠤ ᠬᠥᠳᠡᠭᠡ ᠶᠢᠨ ᠵᠠᠮ ᠤᠨ ᠬᠠᠵᠠᠭᠤ ᠳᠤ᠂ ᠰᠢᠨ᠎ᠡ ᠪᠠᠷ ᠪᠠᠶᠢᠭᠤᠯᠤᠭᠰᠠᠨ ᠬᠤᠭ ᠨᠣᠪᠰᠢ ᠳᠠᠮᠵᠢᠭᠤᠯᠬᠤ ᠦᠷᠳᠡᠭᠡ ᠣᠨᠴᠠᠭᠠᠢ ᠢᠯᠡ ᠲᠣᠳᠣ ᠪᠠᠶᠢᠵᠤ᠂ ᠦᠷᠳᠡᠭᠡ ᠳᠤ ᠲᠠᠩ ᠰᠠᠭᠤᠷᠢ ᠰᠢᠯᠵᠢᠭᠦᠯᠦᠨ ᠵᠥᠭᠡᠭᠡᠪᠦᠷᠢᠯᠡᠬᠦ ᠴᠢᠳᠠᠪᠤᠷᠢ 8 td ᠶᠢᠨ ᠬᠤᠭ ᠨᠣᠪᠰᠢ ᠶᠢ ᠠᠪᠴᠢᠭᠤᠯᠬᠤ ᠲᠥᠬᠦᠭᠡᠷᠦᠮᠵᠢ ᠶᠢ ᠲᠤᠬᠢᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠲᠡᠷᠢᠭᠦᠨ ᠤ ᠬᠤᠣᠰ ᠤᠷᠤᠰᠬᠠᠯᠲᠤ ᠪᠣᠳᠠᠰ ᠢᠶᠠᠷ ᠦᠮᠡᠬᠡᠢ ᠲᠤᠨᠤᠭ ᠲᠥᠬᠦᠭᠡᠷᠦᠮᠵᠢ ᠶᠢ ᠲᠤᠬᠢᠷᠠᠭᠤᠯᠵᠠᠢ᠃ ᠰᠤᠷᠪᠤᠯᠵᠢᠯᠠᠭᠴᠢ ᠲᠤᠬᠠᠢ ᠶᠢᠨ ᠲᠠᠯᠠᠪᠠᠢ ᠳᠤ ᠮᠠᠱᠢᠨ ᠤ ᠬᠦᠩᠭᠢᠨ ᠡᠭᠦᠷ ᠤᠨ ᠳᠠᠭᠤ ᠭᠠᠷᠬᠤ ᠶᠢ ᠳᠠᠭᠠᠯᠳᠤᠨ᠂ ᠮᠡᠷᠭᠡᠵᠢᠯ ᠤᠨ ᠠᠵᠢᠯᠲᠠᠳ ᠲᠥᠬᠦᠭᠡᠷᠦᠮᠵᠢ ᠳᠤ ᠳᠠᠷᠤᠯᠲᠠ ᠥᠭᠴᠦ᠂ ᠳᠠᠷᠤᠯᠲᠠ ᠨᠢ ᠵᠣᠬᠢᠬᠤ ᠬᠡᠮᠵᠢᠶᠡᠨ ᠳᠤ ᠬᠦᠷᠦᠭᠰᠡᠨ ᠤ ᠳᠠᠷᠠᠭ᠎ᠠ᠂ ᠮᠠᠨᠠᠨ ᠰᠦᠷᠴᠢᠭᠦᠷ ᠤᠨ ᠬᠡᠰᠡᠭ ᠠᠴᠠ ᠠᠯᠭᠤᠷ ᠠᠭᠠᠵᠢᠮ ᠢᠶᠠᠷ ᠢᠯᠡᠷᠡᠵᠦ᠂ ᠬᠤᠣᠰ ᠤᠷᠤᠰᠤᠩᠭᠢ ᠪᠡᠶᠡᠲᠦ ᠠᠷᠢᠯᠭᠠᠬᠤ ᠲᠥᠬᠦᠭᠡᠷᠦᠮᠵᠢ ᠳᠠᠷᠤᠢ ᠠᠵᠢᠯᠯᠠᠵᠤ ᠡᠬᠢᠯᠡᠭᠰᠡᠨ ᠢ ᠤᠯᠵᠤ ᠬᠠᠷᠠᠪᠠ᠃  ᠣᠶᠢᠯᠠᠭᠠᠭᠰᠠᠨ ᠢᠶᠠᠷ᠂ ᠬᠤᠸᠠᠩ ᠰᠦᠩ ᠭᠸᠦ ᠲᠣᠰᠬᠤᠨ ᠤ ᠬᠤᠲᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠ ᠳᠠᠮᠵᠢᠭᠤᠯᠤᠨ ᠲᠡᠭᠡᠭᠡᠪᠦᠷᠢᠯᠡᠬᠦ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠵᠡᠯᠡᠬᠦ ᠭᠠᠵᠠᠷ ᠨᠢ 66 ᠲᠡᠭᠰᠢ ᠳᠥᠷᠪᠡᠯᠵᠢᠨ ᠮᠧᠲᠷ ᠪᠠᠶᠢᠵᠤ᠂ ᠠᠪᠴᠢᠭᠤᠯᠬᠤ ᠲᠥᠬᠦᠭᠡᠷᠦᠮᠵᠢ ᠪᠠ ᠬᠤᠤᠰ ᠤᠷᠤᠰᠤᠩᠭᠢ ᠪᠡᠶ᠎ᠡ ᠶᠢᠨ ᠮᠠᠨᠠᠨᠵᠢᠭᠤᠯᠤᠯᠲᠠ ᠦᠮᠡᠬᠡᠶ ᠲᠥᠬᠦᠭᠡᠷᠦᠮᠵᠢ ᠶᠢ ᠢᠵᠢ ᠪᠥᠷᠢᠳᠦᠭᠦᠯᠦᠭᠰᠡᠨ ᠨᠢ ᠨᠡᠶᠢᠲᠡ 34.2 ᠲᠦᠮᠡᠨ ᠲᠥᠭᠦᠷᠢᠭ ᠪᠣᠯᠤᠨ᠎ᠠ᠃ ᠪᠠᠷᠢᠯᠭ᠎ᠠ ᠶᠢ ᠪᠠᠶᠢᠭᠤᠯᠤᠭᠰᠠᠨ ᠤ ᠳᠠᠷᠠᠭ᠎ᠠ᠂ ᠬᠤᠸᠠ ᠰᠦᠩ ᠭᠧᠤ ᠲᠣᠰᠬᠤᠨ ᠪᠠ ᠮᠠ ᠠᠨ ᠱᠠᠨ ᠲᠣᠰᠬᠤᠨ ᠳᠤ 2900 ᠬᠦᠮᠦᠨ ᠠᠰᠢᠭ ᠬᠦᠷᠲᠡᠵᠡᠢ᠃  2023 ᠣᠨ ᠠᠴᠠ 2024 ᠤᠨ ᠪᠣᠯᠲᠠᠯ᠎ᠠ᠂ ᠮᠠᠨ ᠤ ᠬᠤᠰᠢᠭᠤ ᠮᠡᠢᠷᠡᠨ ᠪᠠᠯᠭᠠᠰᠤ᠂ ᠸᠠᠩ ᠶᠧ ᠹᠦ᠋ ᠪᠠᠯᠭᠠᠰᠤ᠂ ᠾᠧᠨᠠᠨ ᠵᠡᠭᠡᠯᠢ ᠭᠤᠳᠤᠮᠵᠢ᠂ ᠾᠧᠪᠸᠢ ᠵᠡᠭᠡᠯᠢ ᠭᠤᠳᠤᠮᠵᠢ ᠳᠤ 12 ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠪᠠᠶᠢᠭᠤᠯᠵᠤ᠂ ᠡᠯ᠎ᠡ ᠰᠢᠶᠠᠩ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠲᠥᠪᠯᠡᠷᠡᠭᠦᠯᠦᠨ ᠴᠤᠭᠯᠠᠭᠤᠯᠬᠤ᠂ ᠰᠢᠢᠳᠪᠦᠷᠢᠯᠡᠬᠦ᠂ ᠨᠢᠭᠡᠳᠦᠯᠲᠡᠶ ᠴᠡᠪᠡᠷᠯᠡᠨ ᠲᠡᠭᠡᠭᠡᠪᠦᠷᠢᠯᠡᠬᠦ ᠬᠡᠷᠡᠭᠴᠡᠭᠡ ᠶᠢ ᠰᠢᠢᠳᠪᠦᠷᠢᠯᠡᠭᠰᠡᠨ ᠢᠶᠠᠷ ᠪᠠᠷᠠᠬᠤ ᠥᠬᠡᠶ᠂ ᠪᠠᠰᠠ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠤᠳᠠᠭ᠎ᠠ ᠶᠢ ᠪᠠᠭᠠᠰᠬᠠᠵᠤ᠂ ᠠᠵᠢᠯᠯᠠᠭᠠᠨ ᠤ ᠥᠪᠡᠷ ᠤᠨ ᠥᠷᠲᠡᠭ ᠢ ᠠᠷᠪᠢᠯᠠᠵᠤ᠂ ᠲᠣᠰᠬᠤᠨ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢᠨ ᠰᠠᠭᠤᠷᠢ ᠲᠥᠬᠦᠭᠡᠷᠦᠮᠵᠢ ᠶᠢᠨ ᠢᠵᠢ ᠪᠥᠷᠢᠳᠦᠭᠦᠯᠬᠦ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠪᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号