ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠪᠠ ᠵᠠᠰᠠᠭ ᠤᠨ ᠣᠷᠳᠣᠨ ᠠᠴᠠ ᠣᠷᠣᠯᠭ᠎ᠠ ᠪᠠᠭᠠᠲᠠᠶ ︽ᠬᠤᠶᠠᠷ | ᠥᠮᠡᠨ︾ ᠳᠤ ᠨᠡᠷᠪᠡᠭᠳᠡᠭᠰᠡᠨ ᠡᠮᠡᠭᠲᠡᠶᠢᠴᠦᠳ ᠢ ᠬᠠᠯᠠᠮᠵᠢᠯᠠᠨ ᠬᠠᠶᠢᠷᠠᠯᠠᠬᠤ ᠶᠢᠨ ᠲᠥᠯᠥᠭᠡ᠂ 10 ᠰᠠᠷ᠎ᠠ ᠶᠢᠨ | 22 ᠤᠨ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠪᠥᠬᠦ | ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠣᠷᠣᠯᠭ᠎ᠠ ᠪᠠᠭᠠᠲᠠᠶ ᠡᠮᠡᠭᠲᠡᠶᠢᠴᠦᠳ ᠤᠨ ︽ᠬᠤᠶᠠᠷ | ᠥᠮᠡᠨ︾ ᠢ ᠠᠪᠤᠷᠠᠨ ᠲᠤᠰᠠᠯᠠᠬᠤ ᠲᠥᠪ ᠤᠨ ᠲᠤᠰᠬᠠᠶ ᠵᠦᠢᠯ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ | ᠠᠰᠠᠷᠠᠮᠵᠢ ᠶᠢᠨ ᠮᠥᠩᠭᠦ ᠶᠢᠨ ᠪᠠᠯᠠ ᠮᠥᠩᠭᠦ ᠲᠠᠷᠬᠠᠭᠠᠬᠤ ᠶᠣᠰᠣᠯᠠᠯ ᠶᠠᠪᠤᠭᠤᠯᠵᠤ᠂ ᠮᠠᠨ ᠤ ᠬᠤᠰᠢᠭᠤᠨ ᠤ 26 | ᠨᠡᠷᠡᠰ ᠣᠷᠣᠯᠭ᠎ᠠ ᠪᠠᠭᠠᠲᠠᠶ ︽ᠬᠤᠶᠠᠷ ᠥᠮᠡᠨ︾ ᠳᠤ ᠨᠡᠷᠪᠡᠭᠳᠡᠭᠰᠡᠨ ᠡᠮᠡᠭᠲᠡᠶᠢᠴᠦᠳ ᠲᠤ 1 ᠲᠦᠮᠡᠨ | ᠲᠥᠭᠦᠷᠢᠭ ᠤᠨ ᠠᠪᠤᠷᠠᠨ ᠲᠤᠰᠠᠯᠠᠬᠤ ᠮᠥᠩᠭᠦ ᠣᠯᠭᠤᠪᠠ᠃ | ᠲᠠᠷᠬᠠᠭᠠᠬᠤ ᠶᠣᠰᠣᠯᠠᠯ ᠳᠡᠭᠡᠷ᠎ᠡ᠂ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠲᠤᠰᠠᠯᠠᠮᠵᠢ | ᠭᠥᠷᠳᠡᠭᠰᠡᠨ ᠡᠮᠡᠭᠲᠡᠶᠢᠴᠦᠳ ᠲᠤ ᠣᠷᠣᠯᠭ᠎ᠠ ᠪᠠᠭᠠᠲᠠᠶ ᠡᠮᠡᠭᠲᠡᠶᠢᠴᠦᠳ ᠤᠨ ︽ᠬᠤᠶᠠᠷ ᠥᠮᠡᠨ︾ ᠢ ᠠᠪᠤᠷᠠᠨ | ᠲᠤᠰᠠᠯᠠᠬᠤ ᠲᠥᠷᠥᠯ ᠵᠦᠢᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠲᠠᠨᠢᠯᠴᠠᠭᠤᠯᠬᠤ ᠶᠢᠨ ᠬᠠᠮᠲᠤ ᠣᠯᠠᠨ ᠢ ᠡᠷᠬᠡᠪᠰᠢ | ᠠᠮᠢᠳᠤᠷᠠᠯ ᠳᠤ ᠢᠳᠡᠪᠬᠢᠲᠡᠶ ᠬᠠᠨᠳᠤᠵᠤ᠂ ᠡᠪᠡᠳᠴᠢᠨ ᠡᠮᠭᠡᠭ ᠢ ᠵᠣᠷᠢᠭᠲᠠᠶ ᠪᠠᠷ ᠢᠯᠠᠨ ᠳᠠᠪᠠᠵᠤ᠂ ᠢᠳᠡᠪᠬᠢᠲᠡᠶ ᠪᠠᠷ | ᠥᠭᠡᠳᠡᠯᠡᠨ ᠳᠠᠪᠰᠢᠬᠤ ᠰᠡᠳᠬᠢᠴᠡ ᠶᠢᠨ ᠪᠠᠶᠢᠳᠠᠯ ᠢᠶᠠᠨ ᠪᠠᠲᠤᠯᠠᠵᠤ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ | ᠬᠠᠯᠠᠮᠵᠢ ᠶᠢ ᠡᠪᠡᠳᠴᠢᠨ ᠡᠮᠭᠡᠭ ᠢ ᠢᠯᠠᠨ ᠳᠠᠪᠠᠭ᠋ᠤ ᠬᠦᠴᠦᠨ ᠪᠣᠯᠭᠠᠨ ᠬᠤᠪᠢᠷᠠᠭᠤᠯᠵᠤ᠂ ᠠᠮᠢᠳᠤᠷᠠᠯ ᠳᠤ ᠢᠳᠡᠪᠬᠢᠲᠡᠶ | ᠬᠠᠨᠳᠤᠵᠤ᠂ ᠡᠷᠡᠰ ᠬᠠᠲᠠᠭᠤ ᠵᠣᠷᠢᠭ ᠰᠠᠨᠠᠭ᠎ᠠ ᠪᠠᠷ ᠰᠠᠶᠢᠨ ᠰᠠᠶᠢᠬᠠᠨ ᠢᠷᠡᠭᠡᠳᠦᠶ ᠪᠠᠨ ᠴᠣᠭᠴᠠᠯᠠᠬᠤ ᠬᠡᠷᠡᠭᠲᠡᠶ ᠭᠡᠵᠦ | ᠵᠣᠷᠢᠭᠵᠢᠭᠤᠯᠪᠠ᠃ | |