ᠵᠣᠣ ᠶᠠᠨ ᠬᠤᠩ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠭᠰᠡᠨ ᠤ ᠳᠠᠷᠠᠭᠠᠬᠢ ᠦᠨᠡᠯᠡᠨ ᠵᠢᠱᠢᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/10/24
ᠵᠣᠣ ᠶᠠᠨ ᠬᠤᠩ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠭᠰᠡᠨ ᠤ ᠳᠠᠷᠠᠭᠠᠬᠢ ᠦᠨᠡᠯᠡᠨ ᠵᠢᠱᠢᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠪᠠ  10 ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠵᠣᠣ ᠶᠠᠨ ᠬᠤᠩ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠭᠰᠡᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠯᠢᠦᠶ ᠬᠠᠶ ᠳ᠋ᠦᠩ᠂ ᠡᠯ᠎ᠡ ᠰᠢᠶᠠᠩ ᠪᠠᠯᠭᠠᠰᠤ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃  ᠵᠤᠤ ᠶᠠᠨ ᠬᠤᠩ ᠨᠠᠷ ᠤᠷᠢᠳ ᠬᠤᠵᠢᠳ ᠪᠠᠭ᠎ᠠ ᠨᠡᠬᠦᠴᠡ ᠪᠠᠯᠭᠠᠰᠤᠨ ᠤ ᠪᠠᠢᠰᠢᠩᠲᠠᠢ ᠭᠸᠤ ᠲᠣᠰᠬᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ᠂ ᠨᠠᠨ ᠲᠠᠢᠽᠢ ᠰᠢᠶᠠᠩ ᠤᠨ ᠪᠸᠢ ᠱᠠᠨ ᠭᠧᠨ ᠲᠣᠰᠬᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠡᠢ᠃ ᠬᠦᠷᠦᠭᠰᠡᠨ ᠭᠠᠵᠠᠷ ᠪᠣᠯᠭᠠᠨ ᠳᠤ᠂ ᠵᠤᠤ ᠶᠠᠨ ᠬᠤᠩ ᠪᠦᠷ ᠪᠠᠯᠭᠠᠰᠤ ᠲᠣᠰᠬᠤᠨ ᠤ ᠬᠤᠶᠠᠷ ᠵᠥᠪᠯᠡᠯ᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠥᠬᠦᠳ ᠲᠠᠢ ᠳᠣᠲᠣᠨᠣ ᠪᠠᠷ ᠶᠠᠷᠢᠯᠴᠠᠵᠤ᠂ ᠡᠯ᠎ᠡ ᠲᠣᠰᠬᠤᠨ ᠤ ᠬᠥᠮᠦᠨ ᠠᠮᠠ᠂ ᠦᠢᠯᠡᠳᠪᠦᠷᠢᠯᠡᠯ ᠠᠮᠢᠳᠤᠷᠠᠯ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ᠂ ᠠᠵᠤ ᠦᠢᠯᠡᠰ ᠤᠨ ᠬᠥᠭᠵᠢᠯᠲᠡ ᠵᠢᠴᠢ ᠰᠡᠭᠦᠯᠴᠢ ᠶᠢᠨ ᠦᠨᠡᠯᠡᠨ ᠵᠢᠱᠢᠬᠦ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠳᠠᠷᠠᠭ᠎ᠠ ᠨᠢ᠂ ᠵᠣᠣ ᠶᠠᠨ ᠬᠤᠩ ᠬᠢᠨᠠᠨ ᠬᠡᠮᠵᠢᠬᠦ ᠡᠷᠦᠬᠡ ᠳᠤ ᠭᠦᠨᠵᠡᠭᠡᠶᠢᠷᠡᠨ ᠰᠤᠷᠪᠤᠯᠵᠢᠯᠠᠵᠤ᠂ ᠣᠯᠠᠨ ᠲᠦᠮᠡᠨ ᠲᠠᠢ ᠵᠣᠭᠤᠭ ᠳᠡᠯᠭᠡᠵᠦ᠂ ᠡᠯ᠎ᠡ ᠡᠷᠦᠬᠡ ᠶᠢᠨ ᠣᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ᠂ ᠠᠮᠢᠳᠤᠷᠠᠯ ᠤᠨ ᠵᠠᠷᠤᠯᠭ᠎ᠠ᠂ ᠲᠥᠷᠥ ᠶᠢᠨ ᠪᠣᠳᠣᠯᠭ᠎ᠠ ᠭᠥᠷᠳᠡᠬᠦ ᠵᠢᠴᠢ ᠡᠪᠡᠳᠴᠢᠨ ᠦᠵᠡᠭᠦᠯᠵᠦ ᠡᠮᠨᠡᠭᠦᠯᠬᠦ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠬᠡᠷ ᠪᠦᠯᠢ ᠶᠢᠨ ᠣᠷᠣᠯᠭ᠎ᠠ ᠶᠢ ᠨᠡᠮᠡᠭᠳᠡᠭᠦᠯᠬᠦ ᠶᠢᠨ ᠲᠥᠯᠥᠭᠡ ᠠᠷᠭ᠎ᠠ ᠪᠤᠳᠤᠵᠤ᠂ ᠠᠷᠭ᠎ᠠ ᠤᠬᠠᠭᠠᠨ ᠭᠠᠷᠭᠠᠬᠤ ᠶᠢᠨ ᠬᠠᠮᠲᠤ ᠣᠯᠠᠨ ᠲᠦᠮᠡᠨ ᠤ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠤᠨ ᠲᠤᠬᠠᠶ ᠦᠨᠡᠯᠡᠯᠲᠡ ᠶᠢ ᠨᠠᠷᠢᠨ ᠬᠢᠨᠠᠮᠠᠭᠠᠶ ᠰᠣᠨᠣᠰᠪᠠ᠃  ᠵᠣᠣ ᠶᠠᠨ ᠬᠤᠩ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠣᠷᠣᠯᠭ᠎ᠠ ᠪᠠᠭᠠᠲᠠᠶ ᠬᠥᠮᠦᠰ ᠢ ᠭᠤᠤᠯᠳᠠᠯᠭ᠎ᠠ ᠲᠠᠢ ᠠᠩᠬᠠᠷᠴᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠬᠡᠪᠴᠢᠶᠡᠵᠢᠭᠰᠡᠨ ᠴᠢᠨᠠᠷᠲᠠᠶ ᠳᠠᠬᠢᠨ ᠶᠠᠳᠠᠭᠤᠷᠠᠬᠤ ᠥᠬᠡᠶ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠭᠰᠡᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠥᠨᠳᠥᠷ ᠪᠠᠷᠢᠮᠵᠢᠶ᠎ᠠ ᠪᠠᠷ ᠰᠠᠶᠢᠲᠤᠷ ᠬᠢᠵᠦ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠬᠢᠨᠠᠨ ᠰᠢᠯᠭᠠᠵᠤ ᠦᠨᠡᠯᠡᠨ ᠵᠢᠱᠢᠬᠦ ᠨᠠᠷᠢᠨ ᠲᠠᠩᠰᠠ ᠲᠠᠢ ᠬᠠᠷᠭᠤᠭᠤᠯᠵᠤ᠂ ᠳᠤᠲᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ ᠨᠥᠬᠦᠪᠥᠷᠢᠯᠡᠵᠦ᠂ ᠡᠯ᠎ᠡ ᠲᠦᠷᠦᠯ ᠤᠨ ᠲᠠᠩᠰᠠ ᠡᠪᠬᠡᠮᠡᠯ ᠤᠨ ᠮᠠᠲ᠋ᠧᠷᠢᠶᠠᠯ ᠤᠨ ᠮᠡᠳᠡᠭᠡ ᠵᠠᠩᠭᠢ ᠶᠢᠨ ᠪᠦᠷᠢᠨ ᠪᠦᠲᠦᠨ᠂ ᠲᠤᠭ᠎ᠠ ᠪᠠᠷᠢᠮᠲᠠ ᠶᠢᠨ ᠦᠨᠡᠨ ᠪᠣᠳᠠᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠠᠵᠤ ᠦᠢᠯᠡᠰ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ᠂ ᠲᠣᠭᠲᠠᠭᠤᠨ ᠢᠶᠠᠷ ᠠᠵᠢᠯ ᠣᠯᠭᠤᠬᠤ᠂ ᠣᠷᠣᠯᠭ᠎ᠠ ᠪᠠᠨ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠵᠤ᠂ ᠤᠯᠠᠨ ᠲᠦᠮᠡᠨ ᠤ ᠬᠠᠪᠰᠤᠷᠤᠨ ᠲᠡᠳᠬᠦᠬᠦ ᠠᠵᠢᠯ ᠤᠨ ᠲᠤᠬᠠᠢ ᠬᠠᠨᠤᠮᠵᠢ ᠶᠢᠨ ᠬᠡᠮᠵᠢᠶ᠎ᠡ ᠪᠣᠯᠤᠨ ᠮᠡᠳᠡᠷᠡᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ ᠭᠡᠵᠠᠢ ᠃   
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号