G45 ᠲᠦᠷᠭᠡᠨ ᠳᠠᠪᠬᠢᠬᠤ ᠵᠠᠰᠠᠮᠠᠯ ᠵᠠᠮ ᠤᠨ ᠤᠯᠠᠭᠠᠨᠬᠠᠳᠠ ᠠᠴᠠ ᠴᠧᠩᠳᠧ ᠬᠦᠷᠬᠦ ᠬᠡᠰᠡᠭ K935970 ᠬᠤᠩᠭᠢᠯ ᠤᠨ ᠬᠠᠮᠠᠭᠠᠯᠠᠯᠲᠠ ᠶᠢᠨ ᠵᠢᠶᠠᠰᠠ ᠪᠠᠷᠢᠯᠭ᠎ᠠ ᠪᠠᠷᠢᠵᠤ ᠵᠠᠮ ᠬᠠᠷᠢᠯᠴᠠᠭ᠎ᠠ ᠶᠢ ᠪᠢᠲᠡᠭᠦᠮᠵᠢᠯᠡᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2024/10/25
G45 ᠲᠦᠷᠭᠡᠨ ᠳᠠᠪᠬᠢᠬᠤ ᠵᠠᠰᠠᠮᠠᠯ ᠵᠠᠮ ᠤᠨ ᠤᠯᠠᠭᠠᠨᠬᠠᠳᠠ ᠠᠴᠠ ᠴᠧᠩᠳᠧ ᠬᠦᠷᠬᠦ ᠬᠡᠰᠡᠭ K935970 ᠬᠤᠩᠭᠢᠯ ᠤᠨ ᠬᠠᠮᠠᠭᠠᠯᠠᠯᠲᠠ ᠶᠢᠨ ᠵᠢᠶᠠᠰᠠ ᠪᠠᠷᠢᠯᠭ᠎ᠠ ᠪᠠᠷᠢᠵᠤ ᠵᠠᠮ ᠬᠠᠷᠢᠯᠴᠠᠭ᠎ᠠ ᠶᠢ ᠪᠢᠲᠡᠭᠦᠮᠵᠢᠯᠡᠬᠦ ᠲᠤᠬᠠᠶ ᠵᠠᠷᠯᠠᠯ  G45 ᠲᠦᠷᠭᠡᠨ ᠳᠠᠪᠬᠢᠬᠤ ᠵᠠᠰᠠᠮᠠᠯ ᠵᠠᠮ ᠤᠨ ᠤᠯᠠᠭᠠᠨᠬᠠᠳᠠ ᠠᠴᠠ ᠴᠧᠩᠳᠧ ᠬᠦᠷᠬᠦ ᠬᠡᠰᠡᠭ ᠲᠤ ︵ᠤᠯᠠᠭᠠᠨᠬᠠᠳᠠ ᠠᠴᠠ ᠴᠧᠩᠳᠧ ᠬᠦᠷᠬᠦ ᠴᠢᠭᠯᠡᠯ︶ K935970 ᠭᠠᠲᠤᠯᠬᠤ ᠬᠤᠩᠭᠢᠯ ᠤᠨ ᠬᠠᠮᠠᠭᠠᠯᠠᠯᠲᠠ ᠶᠢᠨ ᠵᠢᠶᠠᠰᠠ ᠪᠠᠷᠢᠯᠭ᠎ᠠ ᠬᠢᠭᠰᠡᠨ ᠠᠴᠠ ᠸᠠᠩ ᠶᠧ ᠹᠦ᠋ ᠠᠴᠠ ᠮᠡᠶᠢᠷᠡᠨ ᠬᠦᠷᠬᠦ ᠵᠠᠮ ᠨᠡᠪᠲᠡᠷᠡᠯᠭᠡ ᠶᠢᠨ ᠲᠦᠷ ᠴᠠᠭ ᠤᠨ ᠵᠠᠬᠢᠷᠤᠨ ᠬᠠᠮᠢᠶᠠᠷᠤᠯᠲᠠ ᠶᠠᠪᠤᠭᠤᠯᠵᠤ᠂ ᠠᠯᠢᠪᠠ ᠲᠡᠷᠭᠡ ᠤᠨᠤᠭ᠎ᠠ ᠨᠡᠪᠲᠡᠷᠡᠬᠦ ᠶᠢ ᠬᠤᠷᠢᠭᠯᠠᠭᠰᠠᠨ ᠪᠠᠶᠢᠨ᠎ᠠ᠃ ᠪᠣᠳᠠᠲᠠᠶ ᠪᠢᠲᠡᠭᠦᠮᠵᠢᠯᠡᠭᠰᠡᠨ ᠴᠠᠭ ᠬᠤᠭᠤᠴᠠᠭ᠎ᠠ ᠵᠢᠴᠢ ᠲᠡᠷᠭᠡ ᠬᠥᠰᠬᠡ ᠶᠢᠨ ᠲᠣᠭᠤᠷᠢᠬᠤ ᠵᠠᠮ ᠱᠤᠭᠤᠮ ᠨᠢ ᠳᠣᠤᠷᠠᠬᠢ ᠮᠡᠲᠦ᠄  1᠂ ᠪᠢᠲᠡᠭᠦᠮᠵᠢᠯᠡᠬᠦ ᠴᠠᠭ᠄ 2024 ᠣᠨ ᠤ 10 ᠰᠠᠷ᠎ᠠ ᠶᠢᠨ 29 ᠤ ᠡᠳᠦᠷ ᠤᠨ 7 ᠴᠠᠭ ᠠᠴᠠ 2024 ᠣᠨ ᠤ 10 ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨᠠᠬᠢ 17 ᠴᠠᠭ  ᠲᠡᠷᠭᠡ ᠤᠨᠤᠭ᠎ᠠ ᠲᠤᠭᠤᠷᠢᠨ ᠨᠡᠪᠲᠡᠷᠡᠬᠦ ᠵᠠᠮ ᠄  ᠸᠠᠩ ᠶᠧ ᠹᠦ᠋ ᠶᠢᠨ ᠬᠠᠷᠢᠯᠴᠠᠨ ᠨᠡᠪᠲᠡᠷᠡᠬᠦ ᠵᠠᠮ ᠬᠠᠷᠢᠯᠴᠠᠭ᠎ᠠ ᠶᠢ ᠪᠢᠲᠡᠭᠦᠮᠵᠢᠯᠡᠵᠦ᠂ ᠴᠧᠩᠳᠧ᠂ ᠪᠡᠭᠡᠵᠢᠩ ᠤᠨ ᠵᠦᠭ ᠶᠠᠪᠤᠬᠤ ᠮᠠᠰᠢᠨ ᠲᠡᠷᠭᠡ ᠸᠠᠩ ᠶᠧ ᠹᠦ᠋ ᠳᠤ ᠬᠦᠷᠴᠦ ᠰᠦᠢᠳᠬᠡᠯ ᠬᠤᠷᠢᠶᠠᠬᠤ ᠥᠷᠲᠡᠭᠡ ᠠᠴᠠ ᠲᠦᠷᠭᠡᠨ ᠳᠠᠪᠬᠢᠬᠦ ᠵᠠᠰᠠᠮᠠᠯ ᠵᠠᠮ ᠠᠴᠠ ᠪᠠᠭᠤᠵᠤ S206 ᠱᠤᠭᠤᠮ ᠢ ᠲᠣᠭᠤᠷᠢᠵᠤ ᠮᠡᠶᠢᠷᠡᠨ ᠬᠠᠷᠢᠯᠴᠠᠨ ᠨᠡᠪᠲᠡᠷᠡᠬᠦ ᠵᠠᠮ ᠢᠶᠠᠷ ᠦᠨᠳᠦᠷ ᠬᠤᠷᠳᠤᠴᠠᠲᠤ ᠵᠠᠰᠠᠮᠠᠯ ᠵᠠᠮ ᠳᠤ ᠭᠠᠷᠴᠤ᠂ ᠵᠣᠷᠢᠭᠰᠠᠨ ᠭᠠᠵᠠᠷ ᠲᠤ ᠢᠶᠠᠨ ᠬᠦᠷᠦᠨ᠎ᠠ᠃  ᠸᠠᠩ ᠶᠧ ᠹᠦ᠋ ᠠᠴᠠ ᠮᠡᠶᠢᠷᠡᠨ ᠬᠦᠷᠬᠦ ᠦᠨᠳᠦᠷ ᠬᠤᠳᠦᠴᠠᠲᠤ ᠵᠠᠰᠠᠮᠠᠯ ᠵᠠᠮ ᠢ ᠪᠢᠲᠡᠭᠦᠮᠵᠢᠯᠡᠵᠦ᠂ ᠴᠧᠩᠳᠧ ᠳᠤ ᠬᠦᠷᠬᠦ ᠲᠡᠷᠭᠡ S206 ᠱᠤᠭᠤᠮ ᠢᠶᠠᠷ ᠲᠤᠭᠤᠷᠢᠵᠤ ᠮᠠᠶᠢᠷᠠᠨ ᠰᠦᠢᠳᠭᠡᠯ ᠬᠤᠷᠢᠶᠠᠬᠤ ᠥᠷᠲᠡᠭᠡᠨ ᠳᠤ ᠬᠦᠷᠴᠦ ᠦᠷᠭᠦᠯᠵᠢᠯᠡᠨ ᠦᠨᠳᠦᠷ ᠬᠤᠷᠳᠤᠴᠠᠲᠦ ᠵᠠᠰᠠᠮᠠᠯ ᠵᠠᠮ ᠢᠶᠠᠷ ᠵᠣᠷᠢᠭᠰᠠᠨ ᠭᠠᠵᠠᠷ  ᠵᠦᠭ ᠬᠦᠷᠦᠨ᠎ᠠ᠃  ᠨᠠᠰᠢ ᠴᠠᠰᠢ ᠶᠠᠪᠤᠬᠤ ᠲᠡᠷᠭᠡ ᠤᠨᠤᠭ᠎ᠠ ᠵᠠᠮ ᠱᠤᠭᠤᠮ ᠢᠶᠠᠨ ᠤᠷᠢᠳᠴᠢᠯᠠᠨ ᠲᠥᠯᠥᠪᠵᠢᠭᠦᠯᠵᠦ᠂ ᠪᠠᠷᠢᠯᠭ᠎ᠠ ᠶᠢᠨ ᠠᠵᠢᠯ ᠬᠢᠭᠰᠡᠨ ᠠᠴᠠ ᠪᠣᠯᠤᠭᠰᠠᠨ ᠳᠥᠭᠦᠮ ᠦᠭᠡᠢ ᠪᠠᠶᠢᠳᠠᠯ ᠢ ᠠᠭᠤᠴᠢᠯᠠᠭᠠᠷᠠᠢ᠃  ᠢᠷᠡᠯᠲᠡ᠄ ᠥᠪᠥᠷ ᠮᠣᠩᠭᠤᠯ ᠤᠨ ᠦᠨᠳᠦᠷ ᠬᠤᠷᠳᠤᠴᠠᠲᠦ ᠵᠠᠰᠠᠮᠠᠯ ᠵᠠᠮ ᠤᠨ ᠬᠤᠶᠠᠳᠤᠭᠠᠷ ᠰᠠᠯᠪᠤᠷᠢ ᠠᠩᠭᠢ ᠶᠢᠨ ᠬᠠᠷᠠᠴᠢᠨ ᠤ ᠶᠡᠭᠡ ᠠᠩᠭᠢ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号