2024 ᠣᠨ ᠤ ᠬᠠᠷᠠᠴᠢᠨ ᠬᠤᠰᠢᠭᠤᠨ ᠤ ᠳᠡᠭᠡᠳᠦ ᠵᠡᠷᠭᠡ ᠶᠢᠨ ᠠᠵᠤ ᠠᠬᠤᠶ ᠶᠢᠨ ᠲᠤᠰᠬᠠᠶ ᠮᠡᠷᠭᠡᠵᠢᠯ ᠤᠨ ᠬᠢᠷᠢ ᠬᠡᠮ ᠢ ᠮᠡᠳᠡᠭᠦᠯᠦᠭᠰᠡᠨ ᠬᠥᠮᠦᠰ ᠤᠨ ᠦᠨᠳᠦᠰᠦᠨ ᠪᠠᠶᠢᠳᠠᠯ ᠢ ᠵᠠᠷᠯᠠᠨ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/10/28
2024 ᠣᠨ ᠤ ᠬᠠᠷᠠᠴᠢᠨ ᠬᠤᠰᠢᠭᠤᠨ ᠤ ᠳᠡᠭᠡᠳᠦ ᠵᠡᠷᠭᠡ ᠶᠢᠨ ᠠᠵᠤ ᠠᠬᠤᠶ ᠶᠢᠨ ᠲᠤᠰᠬᠠᠶ ᠮᠡᠷᠭᠡᠵᠢᠯ ᠤᠨ ᠬᠢᠷᠢ ᠬᠡᠮ ᠢ ᠮᠡᠳᠡᠭᠦᠯᠦᠭᠰᠡᠨ ᠬᠥᠮᠦᠰ ᠤᠨ ᠦᠨᠳᠦᠰᠦᠨ ᠪᠠᠶᠢᠳᠠᠯ ᠢ ᠵᠠᠷᠯᠠᠨ ᠨᠡᠶᠢᠲᠡᠯᠡᠬᠦ ᠲᠤᠬᠠᠶ ᠮᠡᠳᠡᠭᠳᠡᠯ  ᠡᠳᠦᠭᠡ 2024 ᠣᠨ ᠤ ᠬᠠᠷᠠᠴᠢᠨ ᠬᠤᠰᠢᠭᠤᠨ ᠤ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠬᠢᠷᠢ ᠬᠡᠮ ᠢ ᠭᠤᠶᠤᠴᠢᠯᠠᠨ ᠮᠡᠳᠡᠭᠦᠯᠦᠭᠰᠡᠳ ᠤᠨ ᠦᠨᠳᠦᠰᠦᠨ ᠪᠠᠶᠢᠳᠠᠯ ᠢ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠴᠠᠭ ᠨᠢ 2024 ᠣᠨ ᠤ 10 ᠰᠠᠷ᠎ᠠ ᠶᠢᠨ 17 ᠤ ᠡᠳᠦᠷ ᠠᠴᠠ 2024 ᠣᠨ ᠤ 10 ᠰᠠᠷ᠎ᠠ ᠶᠢᠨ 23 ᠤ ᠡᠳᠦᠷ ᠪᠣᠯᠲᠠᠯ᠎ᠠ ᠶᠠᠪᠤᠭᠳᠠᠨ᠎ᠠ᠃ ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠵᠠᠷᠯᠠᠨ ᠨᠡᠶᠢᠲᠡᠯᠡᠬᠦ ᠡᠲᠡᠭᠡᠳ ᠲᠤ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ᠂ ᠰᠤᠷᠪᠤᠯᠵᠢᠯᠠᠬᠤ ᠪᠠᠷ ᠢᠷᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠮᠠᠨ ᠤ ᠲᠣᠪᠴᠢᠶ᠎ᠠ ᠶᠢᠨ ᠲᠤᠰᠬᠠᠶ ᠮᠡᠷᠭᠡᠵᠢᠯ ᠤᠨ ᠰᠲ᠋ᠣᠺ ᠲᠤ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠪᠠᠶᠢᠯᠭᠠᠬᠤ ᠶᠢᠨ ᠲᠥᠯᠥᠭᠡ᠂ ᠲᠤᠰᠬᠠᠭᠰᠠᠨ ᠠᠰᠠᠭᠤᠳᠠᠯ ᠤᠨ ᠦᠨᠡᠨ ᠪᠣᠳᠠᠲᠠᠶ ᠦᠨᠳᠦᠰᠦ ᠪᠠᠷᠢᠮᠲᠠ ᠲᠠᠢ ᠪᠠᠶᠢᠬᠤ ᠶᠢ ᠱᠠᠭᠠᠷᠳᠠᠬᠤ ᠶᠢᠨ ᠬᠠᠮᠲᠤ ᠪᠢᠴᠢᠭ ᠤᠨ ᠮᠠᠲ᠋ᠧᠷᠢᠶᠠᠯ ᠢ ᠳᠠᠭᠠᠯᠳᠤᠭᠤᠯᠵᠤ᠂ ᠦᠨᠡᠨ ᠪᠣᠳᠠᠲᠠᠶ ᠣᠪᠣᠭ ᠨᠡᠷ᠎ᠡ᠂ ᠬᠠᠷᠢᠯᠴᠠᠬᠤ ᠤᠲᠠᠰᠤ ᠪᠠᠨ ᠪᠢᠴᠢᠬᠦ ᠬᠡᠷᠡᠭᠲᠡᠶ᠃  ᠬᠠᠷᠢᠯᠴᠠᠬᠤ ᠬᠠᠶ᠋ᠢᠭ᠄ ᠬᠠᠷᠠᠴᠢᠨ ᠬᠤᠰᠢᠭᠤᠨ ᠤ ᠵᠠᠰᠠᠭ ᠵᠠᠬᠢᠷᠭᠠᠨ ᠤ ᠦᠢᠯᠡᠴᠢᠯᠡᠭᠡᠨ ᠤ ᠶᠡᠭᠡ ᠲᠢᠩᠬᠢᠮ ᠤᠨ ᠳᠥᠷᠪᠡᠳᠦᠭᠡᠷ ᠳᠠᠪᠬᠤᠷᠯᠢᠭ ᠤᠨ 420 ᠲᠠᠰᠤᠭ  ᠬᠠᠷᠢᠯᠴᠠᠬᠤ ᠤᠲᠠᠰᠤ᠄ 0476 - 3752569   
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号