ᠬᠠᠷᠠᠴᠢᠨ ᠬᠤᠰᠢᠭᠤᠨ ᠤ ᠪᠠᠭ᠎ᠠ ᠲᠣᠣᠷ ᠤᠨ ᠰᠦᠯᠵᠢᠶ᠎ᠡ ᠦᠨᠳᠦᠰᠦᠨ ᠱᠠᠲᠤᠨ ᠤ ᠶᠡᠭᠡ ᠵᠠᠰᠠᠯᠲᠠ ︵ᠬᠤᠶᠠᠷ
ᠨᠡᠶᠢᠲᠡᠯᠡᠭᠰᠡᠨ ᠴᠠᠭ᠄
2024/10/29
   ᠬᠤᠶᠠᠷ ᠲᠤ ᠰᠠᠭᠤᠷᠢ ᠪᠠᠲᠤᠯᠠᠭ᠎ᠠ ᠶᠢ ᠳᠡᠭᠡᠭᠰᠢᠯᠡᠭᠦᠯᠵᠦ᠂ ᠦᠢᠯᠡᠴᠢᠯᠡᠭᠡᠨ ᠤ ᠬᠥᠳᠡᠯᠭᠡᠬᠦ ᠬᠦᠴᠦᠨ ᠢ ᠴᠢᠩᠭᠠᠷᠠᠭᠤᠯᠤᠨ᠎ᠠ᠃ ᠪᠥᠬᠦ ᠬᠤᠰᠢᠭᠤᠨ ᠤ 11 ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠢ ᠪᠦᠷᠢᠨ ᠲᠣᠬᠢᠷᠠᠭᠤᠯᠵᠤ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢ ᠲᠦᠷᠦᠭᠦᠯᠡᠨ ᠬᠢᠵᠦ᠂ ᠲᠣᠤᠷᠵᠢᠯ ᠤᠨ ᠬᠤᠪᠢᠶᠠᠷᠢᠯᠠᠯᠲᠠ᠂ ᠲᠣᠤᠷᠵᠢᠯ ᠤᠨ ᠠᠵᠢᠯᠲᠠᠨ ᠢ ᠰᠣᠩᠭᠤᠨ ᠤᠷᠢᠬᠤ ᠠᠵᠢᠯ ᠢ ᠨᠢᠭᠡᠳᠦᠯᠲᠡᠶ ᠲᠥᠯᠥᠪᠯᠡᠨ ᠬᠠᠮᠢᠶᠠᠷᠤᠨ᠎ᠠ᠃ ᠵᠢᠯ ᠪᠦᠷᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠲᠥᠰᠦᠪ ᠤᠨ ᠠᠮᠤᠷ ᠲᠦᠪᠰᠢᠨ ᠤ ᠪᠠᠶᠢᠭᠤᠯᠤᠯᠲᠠ ᠶᠢᠨ ᠵᠠᠷᠤᠳᠠᠯ 50 ᠲᠦᠮᠡᠨ ᠲᠥᠭᠦᠷᠢᠭ᠂ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠲᠥᠰᠦᠪ ᠤᠨ ᠠᠮᠤᠷ ᠲᠦᠪᠰᠢᠨ ᠤ ᠪᠠᠶᠢᠭᠤᠯᠤᠯᠲᠠ ᠶᠢᠨ ᠵᠠᠷᠤᠳᠠᠯ 10 ᠲᠦᠮᠡᠨ ᠲᠥᠭᠦᠷᠢᠭ᠂ ᠬᠠᠤᠯᠢ ᠴᠠᠭᠠᠵᠠ ᠶᠢᠨ ᠲᠣᠪᠴᠢᠶ᠎ᠠ ᠶᠢᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠵᠠᠷᠤᠳᠠᠯ ᠢ 30 ᠲᠦᠮᠡᠨ ᠲᠥᠭᠦᠷᠢᠭ ᠲᠣᠬᠢᠷᠠᠭᠤᠯᠵᠤ᠂ ᠪᠥᠬᠦ ᠬᠦᠴᠦᠨ ᠢᠶᠠᠷ ᠢᠶᠠᠨ ᠵᠠᠷᠤᠳᠠᠯ ᠤᠨ ᠪᠠᠲᠤᠯᠠᠭ᠎ᠠ ᠬᠠᠩᠭᠠᠨ᠎ᠠ᠃   ᠭᠤᠷᠪᠠ ᠳᠤ᠂ ᠦᠶ᠋ᠯᠡᠴᠢᠯᠡᠭᠡᠨ ᠤ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠵᠠᠰᠠᠵᠤ ᠲᠠᠰ ᠳᠡᠪᠰᠢᠭᠦᠯᠬᠦ ᠶᠢ ᠠᠬᠢᠭᠤᠯᠤᠨ᠎ᠠ᠃ ᠬᠠᠷᠠᠴᠢᠨ ᠬᠤᠰᠢᠭᠤ ᠮᠡᠳᠡᠭᠡ ᠵᠠᠩᠭᠢ ᠮᠡᠳᠡᠭᠦᠯᠦᠨ ᠬᠦᠷᠭᠡᠬᠦ ᠰᠦᠷᠦᠭᠵᠢᠯ ᠳᠤ ᠲᠦᠰᠢᠭᠯᠡᠨ᠂ ᠡᠯ᠎ᠡ ᠲᠥᠷᠥᠯ ᠤᠨ ᠦᠨᠳᠦᠰᠦᠨ ᠱᠠᠲᠤᠨ ᠤ ᠮᠡᠳᠡᠭᠡ ᠵᠠᠩᠭᠢ ᠶᠢ ᠴᠠᠭ ᠲᠤᠬᠠᠶ ᠳᠤᠨᠢ ᠴᠤᠭᠯᠠᠭᠤᠯᠤᠨ ᠡᠮᠬᠢᠳᠬᠡᠵᠦ᠂ ᠰᠦᠯᠵᠢᠶᠡᠨ ᠤ ᠳᠠᠷᠤᠭ᠎ᠠ ᠠᠴᠠ ᠨᠢᠭᠡᠳᠦᠯᠲᠡᠶ ᠲᠣᠬᠢᠷᠠᠭᠤᠯᠬᠤ ᠪᠠ ᠰᠢᠢᠳᠪᠦᠷᠢᠯᠡᠨ᠎ᠡ᠃ ᠣᠲᠣ ᠪᠣᠯᠲᠠᠯ᠎ᠠ᠂ ᠡᠯ᠎ᠡ ᠲᠥᠷᠥᠯ ᠤᠨ ᠮᠡᠳᠡᠭᠡ ᠵᠠᠩᠭᠢ ᠶᠢ ᠨᠡᠶᠢᠲᠡ 5000 ᠭᠠᠷᠤᠶ ᠴᠤᠭᠯᠠᠭᠤᠯᠵᠤ᠂ ᠵᠥᠷᠢᠴᠡᠯ ᠤᠨ ᠳᠠᠯᠳᠠ ᠬᠡᠮ ᠢ 800 ᠭᠠᠷᠤᠶ ᠪᠠᠶᠢᠴᠠᠭᠠᠨ ᠰᠢᠢᠳᠪᠦᠷᠢᠯᠡᠵᠠᠢ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号