ᠨᠠᠷᠢᠨ ᠪᠠᠯᠭᠠᠰᠤ᠄ ᠬᠦᠴᠦ ᠪᠠᠨ ᠲᠥᠪᠯᠡᠷᠡᠭᠦᠯᠦᠨ‌ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠠᠯᠠᠰᠢᠨ ᠦᠬᠡᠷ ︵ᠬᠤᠨᠢ︶ ᠤᠨ ᠠᠵᠤ ᠦᠢᠯᠡᠰ ᠳᠤ ᠬᠦᠴᠦᠨ ᠨᠡᠮᠡᠷᠢᠯᠡᠨ᠎ᠡ ︵ᠨᠢᠭᠡ︶
ᠨᠡᠶᠢᠲᠡᠯᠡᠭᠰᠡᠨ ᠴᠠᠭ᠄
2024/10/29
   ᠨᠠᠷᠢᠨ ᠪᠠᠯᠭᠠᠰᠤᠨ ᠤ ᠵᠢᠮᠢᠰ ᠤᠨ ᠮᠣᠳᠣᠨ ᠤ ᠲᠠᠷᠢᠶᠠᠯᠠᠩ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢᠨ ᠭᠠᠵᠠᠷ ᠰᠢᠷᠣᠶ ᠳᠡᠭᠡᠷ᠎ᠡ᠂ ᠠᠯᠠᠰᠢᠨ ᠦᠬᠡᠷ ︵ᠬᠤᠨᠢ︶ ᠨᠢᠲᠤᠯᠬᠤ ᠲᠥᠷᠥᠯ ᠵᠦᠢᠯ ᠶᠠᠭ ᠬᠦᠷ ᠬᠥᠭᠵᠢᠶᠡᠨ ᠲᠠᠢ ᠲᠦᠷᠭᠡᠨ ᠪᠠᠶᠢᠭᠤᠯᠵᠤ ᠪᠠᠶᠢᠨ᠎ᠠ᠃ ᠲᠤᠰ ᠲᠦᠷᠦᠯ ᠵᠦᠢᠯ ᠨᠢ ᠲᠤᠬᠠᠢ ᠶᠢᠨ ᠭᠠᠵᠠᠷ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠴᠢᠬᠤᠯᠠ ᠨᠢᠭᠡ ᠭᠤᠭᠴᠤᠭ᠎ᠠ ᠪᠣᠯᠬᠤ ᠪᠠᠷ ᠪᠠᠷᠠᠬᠤ ᠦᠭᠡᠢ ᠪᠠᠰᠠ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠦᠴᠦᠲᠡᠢ ᠠᠷᠭ᠎ᠠ ᠬᠡᠮᠵᠢᠶ᠎ᠡ ᠪᠣᠯᠤᠭᠰᠠᠨ ᠪᠠᠶᠢᠨ᠎ᠠ᠃   ᠪᠠᠷᠢᠯᠭ᠎ᠠ ᠶᠢᠨ ᠭᠠᠵᠠᠷ᠂ ᠰᠤᠷᠪᠤᠯᠵᠢᠯᠠᠭᠴᠢ ᠶᠢᠨ ᠣᠯᠵᠤ ᠦᠵᠡᠭᠰᠡᠨ ᠢᠶᠠᠷ᠂ ᠪᠠᠷᠢᠯᠭ᠎ᠠ ᠶᠢᠨ ᠲᠡᠷᠭᠡ ᠨᠠᠰᠢ ᠴᠠᠰᠢ ᠰᠦᠯᠵᠢᠯᠳᠦᠨ᠂ ᠮᠠᠰᠢᠨ ᠤ ᠬᠦᠩᠭᠢᠨᠡᠮ᠎ᠡ ᠳᠠᠭᠤᠨ ᠲᠠᠰᠤᠷᠠᠯᠲᠠ ᠦᠭᠡᠢ ᠰᠣᠨᠣᠰᠳᠠᠵᠤ᠂ ᠭᠡᠷ ᠤᠨ ᠭᠠᠳᠠᠨᠠᠬᠢ ᠠᠵᠢᠯᠴᠢᠳ ᠪᠣᠯᠣᠳ ᠰᠢᠷᠪᠥᠰᠥ ᠶᠢ ᠤᠶᠠᠵᠤ᠂ ᠭᠡᠷ ᠳᠣᠲᠣᠷᠠᠬᠢ ᠠᠵᠢᠯᠴᠢᠳ ᠴᠢᠷᠮᠠᠶᠢᠨ ᠲᠣᠭᠤᠰᠬᠠᠨ ᠬᠡᠷᠡᠮ ᠪᠠᠷᠢᠵᠤ᠂ ᠲᠤᠮᠤ ᠬᠡᠯᠪᠡᠷᠢ ᠶᠢᠨ ᠡᠷᠭᠦᠭᠦᠷ ᠲᠡᠷᠭᠡ ᠦᠵᠡᠭᠳᠡᠨ᠎ᠡ᠃ ᠪᠦᠬᠦ᠋ᠢᠯᠡ ᠪᠠᠷᠢᠯᠭ᠎ᠠ ᠶᠢᠨ ᠲᠤᠬᠠᠢ ᠶᠢᠨ ᠲᠠᠯᠠᠪᠠᠢ ᠪᠠᠴᠢᠮ ᠪᠥᠭᠡᠳ ᠡᠮᠬᠢ ᠵᠢᠷᠤᠮ ᠲᠠᠢ ᠪᠠᠶᠢᠵᠤ᠂ ᠬᠦᠷ ᠬᠥᠭᠵᠢᠶᠡᠨ ᠲᠠᠢ ᠪᠠᠷᠢᠯᠭ᠎ᠠ ᠶᠢᠨ ᠠᠭᠤᠷ ᠠᠮᠢᠰᠬᠤᠯ ᠢᠯᠡᠷᠡᠨ᠎ᠡ᠃   ︽ᠲᠥᠷᠥᠯ ᠵᠦᠢᠯ ᠢ ᠤᠷᠤᠭᠰᠢᠲᠠᠶ ᠨᠠᠶᠢᠳᠠᠪᠤᠷᠢᠵᠢᠭᠤᠯᠵᠤ᠂ ᠠᠯᠢ ᠲᠦᠷᠭᠡᠨ ᠢᠶᠠᠷ ᠦᠷ᠎ᠡ ᠪᠦᠲᠦᠮᠵᠢ ᠤᠯᠬᠤ ᠶᠢ ᠪᠠᠲᠤᠯᠠᠬᠤ ᠶᠢᠨ ᠲᠥᠯᠥᠭᠡ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠠᠬᠢ ᠡᠯ᠎ᠡ ᠵᠦᠢᠯ ᠤᠨ ᠬᠦᠴᠢᠷ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠪᠥᠬᠦ ᠶᠠᠪᠤᠴᠠ ᠪᠠᠷ ᠮᠥᠷᠳᠡᠨ ᠦᠢᠯᠡᠴᠢᠯᠡᠭᠡ ᠪᠠ ᠦᠨᠡᠨ ᠪᠣᠳᠠᠲᠠᠶ ᠬᠠᠪᠰᠤᠷᠤᠨ ᠭᠦᠢᠴᠡᠳᠬᠡᠬᠦ ᠶᠢ ᠪᠠᠲᠤᠯᠠᠵᠤ᠂ ᠮᠠᠨ ᠤ ᠠᠵᠤ ᠠᠬᠤᠶᠢᠯᠠᠯ ᠢ ᠶᠡᠭᠡ ᠪᠠᠷ ᠳᠣᠭᠳᠣᠯᠤᠭᠤᠯᠬᠤ ᠪᠠᠷ ᠪᠠᠷᠠᠬᠤ ᠥᠬᠡᠶ᠂ ᠪᠠᠰᠠ ᠮᠠᠨ ᠤ ᠠᠵᠤ ᠠᠬᠤᠶᠢᠯᠠᠯ ᠢ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠲᠤᠬᠠᠶ ᠥᠷᠭᠡᠨ ᠢᠶᠠᠷ ᠮᠡᠳᠡᠷᠡᠵᠦ ᠬᠠᠮᠲᠤ ᠶᠢᠨ ᠲᠠᠨᠢᠯᠲᠠ ᠶᠢ ᠪᠣᠶ ᠪᠣᠯᠭᠠᠵᠤ᠂ ᠠᠵᠤ ᠠᠬᠤᠶᠢᠯᠠᠯ ᠢ ᠨᠠᠩ ᠡᠷᠡᠰ ᠪᠠᠲᠤ ᠢᠲᠡᠭᠡᠵᠦ ᠪᠠᠶᠢᠨ᠎ᠠ︾ ᠭᠡᠵᠦ ᠥᠪᠥᠷ ᠮᠣᠩᠭᠤᠯ ᠤᠨ ᠨᠠ ᠯᠠᠨ ᠮᠢᠬᠠᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠠᠯᠠᠰᠢᠨ ᠦᠬᠡᠷ ︵ᠬᠤᠨᠢ︶ ᠨᠢᠲᠤᠯᠬᠤ ᠲᠠᠯᠠᠪᠠᠢ ᠶᠢᠨ ᠶᠡᠷᠦᠩᠬᠡᠢ ᠳᠠᠭᠠᠭᠠᠮᠠᠯ ᠸᠠᠩ ᠶᠦᠩ ᠯᠠᠨ ᠬᠡᠯᠡᠪᠡ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号