ᠮᠠᠨ ᠤ ᠬᠤᠰᠢᠭᠤ ᠬᠠᠶᠢᠯᠤᠭᠤᠷ ᠵᠣᠩᠰᠢ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠫᠠᠶᠢᠰᠠ ᠶᠢ ᠬᠦᠴᠦᠯᠡᠨ ᠰᠠᠶᠢᠲᠤᠷ ᠭᠦᠢᠴᠡᠳᠬᠡᠵᠦ ᠪᠠᠶᠢᠨ᠎ᠠ ︵ᠬᠤᠶᠠᠷ︶
ᠨᠡᠶᠢᠲᠡᠯᠡᠭᠰᠡᠨ ᠴᠠᠭ᠄
2024/10/31
   ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠦᠴᠦᠲᠡᠶ ᠠᠬᠢᠭᠤᠯᠤᠯ ᠳᠣᠤᠷ᠎ᠠ᠂ ᠥᠪᠥᠷ ᠮᠣᠩᠭᠤᠯ ᠤᠨ ᠶᠢᠩ ᠾᠧ ᠠᠭᠤᠷᠬᠠᠶ ᠶᠢᠨ ᠦᠢᠯᠡᠰ ᠤᠨ ᠡᠬᠢ ᠪᠠᠶᠠᠯᠢᠭ ᠤᠨ ᠬᠢᠵᠠᠭᠠᠷᠲᠤ ᠺᠣᠮᠫᠠᠨᠢ ᠪᠥᠬᠦ ᠪᠡᠯᠡ ᠣᠷᠣᠭᠤᠯᠵᠤ ᠬᠠᠷᠠᠴᠢᠨ ᠬᠤᠰᠢᠭᠤᠨ ᠤ ᠫᠧᠩ ᠯᠦᠩ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢ ᠬᠤᠳᠠᠯᠳᠤᠨ ᠠᠪᠴᠤ ᠂ 9 ᠬᠠᠶᠢᠯᠤᠭᠤᠷ ᠵᠣᠩᠰᠢ ᠶᠢᠨ ᠠᠭᠤᠷᠬᠠᠶ ᠮᠠᠯᠲᠠᠬᠤ ᠡᠷᠬᠡ ᠪᠠ 1 ᠬᠠᠶᠢᠯᠤᠭᠤᠷ ᠵᠣᠩᠰᠢ ᠶᠢᠨ ᠤᠬᠢᠶᠠᠵᠤ ᠰᠢᠯᠢᠬᠦ ᠦᠢᠯᠡᠳᠪᠦᠷᠢ ᠲᠠᠢ ᠰᠠᠭᠤᠷᠢᠨ ᠳᠡᠭᠡᠷ᠎ᠡ᠂ ᠸᠠᠩ ᠤᠨ ᠣᠷᠳᠣᠨ ᠤ ᠪᠥᠬᠦ ᠪᠠᠯᠭᠠᠰᠤᠨ ᠤ ᠬᠡᠪᠴᠢᠶᠡᠨ ᠳᠠᠬᠢ ᠬᠠᠶᠢᠯᠤᠭᠤᠷ ᠵᠣᠩᠰᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠨᠡᠭᠡᠭᠡᠨ ᠬᠥᠭᠵᠢᠭᠦᠯᠬᠦ ᠪᠣᠯᠤᠨ᠎ᠠ᠃ ᠲᠥᠷᠥᠯ ᠵᠦᠢᠯ ᠤᠨ ᠵᠢᠱᠢᠯᠲᠡ ᠪᠠᠷ ᠶᠡᠷᠦᠩᠬᠡᠶ ᠪᠠᠯᠠ ᠣᠷᠣᠭᠤᠯᠤᠯᠲᠠ ᠨᠢ 145 ᠳ᠋ᠦᠩᠰᠢᠭᠤᠷ ᠲᠥᠭᠦᠷᠢᠭ ᠪᠠᠶᠢᠵᠤ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠤᠭᠰᠠᠨ ᠤ ᠳᠠᠷᠠᠭ᠎ᠠ ᠵᠢᠯ ᠤᠨ ᠦᠢᠯᠡᠳᠬᠦᠨ ᠤ ᠥᠷᠲᠡᠭ ᠨᠢ 20 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠠᠰᠢᠭ ᠭᠠᠶᠢᠯᠢ ᠨᠢ 7 ᠳ᠋ᠦᠩᠰᠢᠭᠤᠷ ᠲᠥᠭᠦᠷᠢᠭ ᠲᠤ ᠬᠦᠷᠬᠦ ᠪᠣᠯᠤᠨ᠎ᠠ᠃ ᠣᠳᠣᠬᠠᠨ ᠪᠣᠯᠲᠠᠯ᠎ᠠ᠂ ᠶᠢᠩᠾᠧ ᠠᠭᠤᠷᠬᠠᠢ ᠶᠢᠨ ᠦᠢᠯᠡᠰ ᠨᠢᠭᠡᠨᠲᠡ 1500 ᠲᠦᠮᠡᠨ ᠲᠥᠭᠦᠷᠢᠭ ᠤᠨ ᠪᠡᠯᠡ ᠣᠷᠣᠭᠤᠯᠵᠤ ᠦᠢᠯᠡᠳᠪᠦᠷᠢᠯᠡᠯ ᠢᠶᠠᠨ ᠰᠡᠷᠭᠦᠭᠡᠬᠦ ᠡᠮᠦᠨᠡᠬᠢ ᠬᠤᠭᠤᠴᠠᠭᠠᠨ ᠤ ᠪᠡᠯᠡᠳᠬᠡᠯ ᠬᠢᠵᠦ᠂ ᠵᠢᠱᠢᠯᠲᠡ ᠪᠠᠷ 2025 ᠣᠨ ᠳᠤ ᠵᠢᠩᠬᠢᠨᠢ ᠪᠠᠷ ᠠᠰᠢᠭᠯᠠᠯᠲᠠ ᠳᠤ ᠣᠷᠣᠭᠤᠯᠬᠤ ᠪᠣᠯᠤᠨ᠎ᠠ᠃   ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ᠂ ᠮᠠᠨ ᠤ ᠬᠤᠰᠢᠭᠤ ᠢᠮᠠᠭᠲᠠ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ᠂ ᠲᠡᠷᠢᠭᠦᠨ ᠤ ᠨᠡᠭᠡᠭᠡᠨ ᠮᠠᠯᠲᠠᠬᠤ ᠮᠡᠷᠭᠡᠵᠢᠯ ᠪᠠ ᠲᠥᠬᠦᠭᠡᠷᠦᠮᠵᠢ ᠶᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠠᠭᠤᠷᠬᠠᠶ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠡᠬᠢ ᠪᠠᠶᠠᠯᠢᠭ ᠢ ᠡᠭᠡᠭᠦᠯᠦᠨ ᠬᠤᠷᠢᠶᠠᠬᠤ ᠨᠣᠷᠮ᠎ᠠ ᠶᠢ ᠳᠡᠭᠡᠭᠰᠢᠯᠡᠭᠦᠯᠪᠡ᠃ ᠡᠭᠦᠨ ᠤ ᠬᠠᠮᠲᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠬᠤᠯᠠᠴᠢᠯᠠᠵᠤ᠂ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠬᠦ ᠬᠢᠭᠡᠳ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠣᠬᠢᠴᠠᠩᠭᠤᠶ ᠪᠠᠷ ᠬᠥᠭᠵᠢᠬᠦ ᠶᠢ ᠪᠡᠶᠡᠯᠡᠭᠦᠯᠦᠨ᠎ᠡ᠃   ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ ᠮᠠᠨ ᠤ ᠬᠤᠰᠢᠭᠤ ᠪᠥᠬᠦ ᠬᠤᠰᠢᠭᠤᠨ ᠤ ᠬᠠᠶᠢᠯᠤᠭᠤᠷ ᠵᠣᠩᠰᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠭᠤᠷᠬᠠᠶ ᠮᠠᠯᠲᠠᠬᠤ᠂ ᠬᠦᠳᠡᠷ ᠰᠣᠩᠭᠤᠬᠤ ᠰᠢᠰᠲ᠋ᠧᠮ ᠢ ᠪᠠᠶᠢᠭᠤᠯᠬᠤ ᠪᠠᠷ ᠳᠠᠮᠵᠢᠭᠤᠯᠤᠨ᠂ ᠵᠢᠯ ᠳᠤ 25 ᠲᠦᠮᠡ ᠠᠴᠠ 30 ᠲᠦᠮᠡᠨ ᠲᠣᠨ ᠬᠠᠶᠢᠯᠤᠭᠤᠷ ᠵᠣᠩᠰᠢ ᠶᠢᠨ ᠨᠠᠷᠢᠨ ᠰᠢᠷᠬᠡᠭ ᠤᠨ ᠦᠢᠯᠡᠳᠪᠦᠷᠢᠯᠡᠬᠦ ᠴᠢᠳᠠᠪᠤᠷᠢ ᠶᠢᠨ ᠬᠡᠪᠴᠢᠶ᠎ᠡ ᠳᠤ ᠠᠯᠬᠤᠮ ᠠᠯᠬᠤᠮ ᠢᠶᠠᠷ ᠬᠦᠷᠭᠡᠬᠦ ᠪᠣᠯᠤᠨ᠎ᠠ᠃ ᠡᠭᠦᠨ ᠤ ᠬᠠᠮᠲᠤ ᠭᠤᠷᠪᠠᠨ ᠬᠤᠭᠤᠴᠠᠭ᠎ᠠ ᠬᠤᠪᠢᠶᠠᠨ ᠪᠥᠬᠦ ᠬᠡᠯᠬᠢᠶ᠎ᠡ ᠶᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠵᠤ᠂ ᠠᠯᠬᠤᠮ ᠠᠯᠬᠤᠮ ᠢᠶᠠᠷ ᠡᠯᠧᠺᠳ᠋ᠷᠣᠨ ᠲᠠᠰ ᠤᠨ ᠤᠰᠤᠲᠥ᠋ᠷᠥᠭᠴᠢ ᠶᠢᠨ ᠹᠯᠣᠷ ᠬᠦᠴᠢᠯ ᠤᠨ ᠦᠢᠯᠡᠳᠪᠦᠷᠢᠯᠡᠯ ᠤᠨ ᠴᠢᠳᠠᠪᠤᠷᠢ ᠶᠢ ᠵᠢᠯ ᠪᠦᠷᠢ 2 ᠲᠦᠮᠡᠨ ᠲᠣᠨ ᠳᠤ ᠬᠦᠷᠦᠭᠦᠯᠵᠦ᠂ ᠠᠵᠤ ᠦᠢᠯᠡᠳᠪᠦᠷᠢ ᠶᠢᠨ ᠲᠠᠰ ᠤᠨ ᠤᠰᠤᠲᠥ᠋ᠷᠥᠭᠴᠢ ᠶᠢᠨ ᠹᠯᠣᠷ ᠬᠦᠴᠢᠯ ᠢ ᠵᠢᠯ ᠪᠦᠷᠢ 10 ᠲᠦᠮᠡᠨ ᠲᠣᠨ ᠳᠤ ᠬᠦᠷᠦᠭᠦᠯᠬᠦ ᠶᠢᠨ ᠬᠠᠮᠲᠤ 2 ᠲᠦᠮᠡ ᠠᠴᠠ 3 ᠲᠦᠮᠡᠨ ᠲᠣᠨ ᠵᠢᠷᠭᠤᠭᠠᠨ ᠹᠯᠣᠷ ᠹᠣᠰᠹᠣᠷ ᠬᠦᠴᠢᠯ ᠤᠨ ᠯᠢᠲ᠋ᠢ ᠶᠢᠨ ᠦᠢᠯᠡᠳᠪᠦᠷᠢᠯᠡᠯ ᠤᠨ ᠱᠤᠭᠤᠮ ᠢ ᠪᠥᠲᠥᠭᠡᠨ ᠪᠠᠶᠢᠭᠤᠯᠵᠤ᠂ ᠬᠠᠶᠢᠯᠤᠭᠤᠷ ᠵᠣᠩᠰᠢ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠠᠴᠠ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶ᠎ᠡ ᠬᠦᠷᠲᠡᠯ᠎ᠡ ᠤᠷᠲᠤᠳᠬᠠᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠮᠠᠯᠲᠠᠬᠤ᠂ ᠦᠢᠯᠡᠳᠪᠦᠷᠢᠯᠡᠵᠦ ᠡᠳ᠋ᠰᠢᠭᠦᠯᠬᠦ ᠵᠢᠴᠢ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠪᠥᠭᠡᠮᠨᠡᠷᠡᠯ ᠢ ᠪᠣᠶ ᠪᠣᠯᠭᠠᠵᠤ᠂ ᠪᠥᠬᠦ ᠬᠤᠰᠢᠭᠤᠨ ᠤ ᠠᠭᠤᠷᠬᠠᠶ ᠶᠢᠨ ᠦᠢᠯᠡᠰ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号