ᠵᠤᠤ ᠶᠠᠨ ᠬᠤᠩ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 71 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/8
ᠵᠤᠤ ᠶᠠᠨ ᠬᠤᠩ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 71 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ  10 ᠰᠠᠷ᠎ᠠ ᠶᠢᠨ 8 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠵᠣᠣ ᠶᠠᠨ ᠬᠤᠩ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 71 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠠᠮᠢᠶ᠎ᠠ ᠪᠥᠬᠦᠶ ᠭᠠᠵᠠᠷ ᠤᠨ ᠲᠠᠰ ᠤᠨ ᠤᠳᠤᠷᠢᠳᠤᠯᠭ᠎ᠠ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃  ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠪᠣᠯᠤᠨ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠪᠠ᠃  ᠬᠤᠷᠠᠯ ᠠᠴᠠ ᠴᠢᠩᠭᠠᠳᠬᠠᠭᠰᠠᠨ ᠨᠢ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠪᠠᠶᠢᠩᠭᠤ ᠶᠢᠨ ᠴᠢᠨᠠᠷᠲᠠᠢ ᠪᠠ ᠲᠥᠪᠯᠡᠷᠡᠯ ᠤᠨ ᠴᠢᠨᠠᠷ ᠢ ᠤᠶᠠᠯᠳᠤᠭᠤᠯᠤᠭᠰᠠᠨ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠤᠨ ᠲᠣᠭᠲᠠᠴᠠ ᠶᠢ ᠪᠠᠶᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠳᠦᠷ ᠲᠤᠳᠤᠮ ᠤᠨ ᠠᠵᠢᠯ ᠳᠤ ᠠᠭᠤᠰᠤᠯᠴᠠᠭᠤᠯᠬᠤ᠂ ᠪᠠᠶᠢᠩᠭᠤ ᠠᠳᠬᠤᠬᠤ ᠶᠢ ᠠᠬᠢᠭᠤᠯᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠲᠤ ᠲᠠᠯᠪᠢᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ︽ᠭᠤᠷᠪᠠᠨ ᠦᠯᠦ ᠢᠯᠵᠠᠷᠠᠯ︾ ᠢ ᠠᠬᠢᠭᠤᠯᠬᠤ ᠠᠵᠢᠯ ᠤᠨ ᠲᠣᠭᠲᠠᠴᠠ ᠶᠢ ᠨᠢᠭᠡ ᠴᠤᠭᠴᠠᠵᠢᠭᠤᠯᠤᠨ ᠠᠬᠢᠭᠤᠯᠵᠤ᠂ ᠴᠢᠨᠠᠷ ᠰᠠᠶᠢᠲᠠᠢ ᠰᠠᠬᠢᠯᠭ᠎ᠠ ᠪᠠᠲᠤ ᠶᠢᠨ ᠪᠠᠶᠢᠭᠤᠯᠤᠯᠲᠠ ᠪᠠᠷ ᠨᠠᠮ ᠤᠨ ᠪᠠᠶᠢᠭᠤᠯᠤᠯᠲᠠ ᠶᠢᠨ ᠲᠦᠪᠰᠢᠨ ᠢ ᠠᠬᠢᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠪᠠ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠠᠢ ᠣᠷᠭᠠᠨᠢᠭ ᠢᠶᠠᠷ ᠤᠶᠠᠯᠳᠤᠭᠤᠯᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠤᠯᠠᠨ ᠲᠦᠮᠡᠨ ᠢ ᠨᠡᠩ ᠤᠯᠠᠨ ᠬᠦᠷᠲᠡᠮᠵᠢ ᠶᠢᠨ ᠲᠦᠷᠦᠭᠳᠡᠯ ᠲᠠᠢ ᠪᠣᠯᠭᠠᠬᠤ ᠬᠡᠷᠡᠭᠲᠡᠢ ᠭᠡᠵᠠᠢ᠃  ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠵᠢᠷᠭᠤᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠵᠢᠷᠭᠤᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ᠂ ︽︿ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ﹀ ᠢ ᠳᠠᠷᠤᠮᠠᠯᠯᠠᠨ ᠲᠠᠷᠬᠠᠭᠠᠬᠤ ᠲᠤᠬᠠᠢ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠤᠨ ᠵᠣᠷᠢᠭ ᠰᠠᠨᠠᠭ᠎ᠠ᠂ ︽ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢ ᠪᠦᠬᠦ ᠲᠠᠯ᠎ᠠ ᠪᠠᠷ ᠪᠠᠶᠢᠭᠤᠯᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠤᠨ ᠨᠠᠷᠢᠨ ᠲᠠᠩᠰᠠ ᠶᠢ ᠪᠦᠬᠦ ᠲᠠᠯ᠎ᠠ ᠪᠠᠷ ᠪᠠᠶᠢᠭᠤᠯᠬᠤ ᠲᠤᠬᠠᠢ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃  ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠤᠶᠢᠯᠠᠭᠠᠨ ᠡᠵᠡᠮᠰᠢᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠣᠳᠠᠲᠤ ᠦᠷ᠎ᠡ ᠪᠦᠲᠦᠮᠵᠢ ᠪᠠᠷ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠥᠭᠡᠴᠡᠯᠡᠬᠦ ᠲᠥᠷᠥᠯ ᠵᠦᠢᠯ ᠢ ᠨᠠᠷᠢᠨ ᠬᠢᠨᠠᠮᠠᠭᠠᠶ ᠡᠮᠬᠢᠯᠡᠨ ᠰᠦᠪᠡᠭᠴᠢᠯᠡᠵᠦ᠂ ᠥᠭᠡᠷᠡᠴᠢᠯᠡᠯᠲᠡ ᠶᠢᠨ ᠡᠭᠦᠷᠭᠡ ᠪᠠ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠰᠤᠳᠤᠯᠵᠤ᠂ ᠳᠡᠭᠡᠳᠦ ᠱᠠᠲᠤᠨ ᠠᠴᠠ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠲᠤᠷᠰᠢᠯᠲᠠ ᠪᠠ ᠲᠥᠷᠥᠯ ᠵᠦᠢᠯ ᠤᠨ ᠪᠠᠯᠠ ᠮᠥᠩᠭᠦ ᠶᠢ ᠢᠳᠡᠪᠬᠢᠯᠡᠨ ᠤᠯᠬᠤ ᠬᠡᠷᠡᠭᠲᠡᠶ᠃ ᠵᠣᠷᠢᠭᠲᠠᠶ ᠪᠠᠷ ᠴᠢᠳᠠᠮᠠᠭᠠᠶ ᠪᠠᠷ ᠬᠢᠵᠦ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠤᠰᠢᠭᠤᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢᠨ ᠭᠤᠤᠯᠳᠠᠯᠭ᠎ᠠ ᠲᠠᠢ ᠠᠵᠢᠯ ᠤᠨ ᠬᠤᠪᠢᠶᠠᠷᠢᠯᠠᠯ ᠤᠨ ᠲᠥᠰᠦᠯ ᠤᠨ ᠱᠠᠭᠠᠷᠳᠠᠯᠭ᠎ᠠ ᠲᠠᠢ ᠪᠠᠷᠢᠮᠵᠢᠶᠠᠯᠠᠨ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠭᠦᠷᠭᠡ ᠶᠢᠨ ᠨᠠᠷᠢᠨ ᠲᠠᠩᠰᠠ ᠶᠢ ᠲᠣᠳᠣᠷᠬᠠᠶᠢᠯᠠᠨ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠨ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠠᠢ᠃  ᠬᠤᠷᠠᠯ ᠠᠴᠠ 2024 ᠣᠨ ᠤ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠢᠷᠭᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠠᠴᠢᠨ ᠬᠤᠰᠢᠭᠤ ᠶᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃  ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠭᠰᠡᠨ ᠤ ᠳᠠᠷᠠᠭᠠᠬᠢ ᠦᠨᠡᠯᠡᠨ ᠵᠢᠱᠢᠬᠦ ᠠᠵᠢᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠠᠰᠠᠭᠤᠳᠠᠯ ᠢ ᠵᠢᠭᠰᠠᠭᠠᠨ ᠪᠠᠶᠢᠴᠠᠭᠠᠬᠤ ᠶᠢ ᠪᠦᠬᠦ ᠲᠠᠯ᠎ᠠ ᠪᠠᠷ ᠥᠷᠨᠢᠭᠦᠯᠵᠦ᠂ ᠦᠨᠡᠨᠬᠦ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠦᠳᠲᠡᠷ ᠲᠦᠷᠭᠡᠨ ᠴᠡᠭᠴᠡᠯᠡᠨ ᠰᠠᠶᠢᠵᠢᠷᠠᠭᠤᠯᠵᠤ᠂ ᠪᠠᠶᠢᠴᠠᠭᠠᠯᠲᠠ ᠶᠢ ᠤᠭᠲᠤᠬᠤ ᠪᠡᠯᠡᠳᠬᠡᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠨᠠᠷᠢᠨ ᠲᠠᠩᠰᠠ ᠲᠠᠢ ᠬᠠᠷᠢᠴᠠᠭᠤᠯᠤᠨ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠲᠠᠢ ᠨᠢᠭᠲᠠ ᠤᠶᠠᠯᠳᠤᠭᠤᠯᠵᠤ᠂ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠴᠢᠩᠭ᠎ᠠ ᠠᠩᠬᠠᠷᠴᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠠᠭ ᠲᠤᠬᠠᠶ ᠳᠤᠨᠢ ᠴᠢᠨᠠᠷ ᠴᠢᠨᠰᠠᠭ᠎ᠠ ᠲᠠᠢ ᠪᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠤ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠲᠦᠷᠦᠭᠦᠯᠡᠨ ᠤᠳᠤᠷᠢᠳᠬᠤ᠂ ᠲᠦᠷᠦᠭᠦᠯᠡᠨ ᠬᠢᠬᠦ ᠰᠠᠯᠠᠭ᠎ᠠ ᠮᠥᠴᠢᠷ᠂ ᠬᠠᠷᠢᠭᠤᠴᠠᠯᠭᠠᠲᠤ ᠰᠠᠯᠠᠭ᠎ᠠ ᠮᠥᠴᠢᠷ ᠤᠳ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠨᠢᠭᠡ ᠨᠢᠭᠡ ᠶᠠᠪᠤᠳᠠᠯ ᠢᠶᠠᠷ ᠨᠠᠶᠢᠳᠠᠪᠤᠷᠢᠵᠢᠭᠤᠯᠵᠤ᠂ ᠨᠢᠭᠡ ᠨᠢᠭᠡ ᠵᠤᠷᠪᠤᠰ ᠢᠶᠠᠷ ᠪᠡᠶᠡᠯᠡᠭᠦᠯᠵᠦ᠂ ᠠᠰᠠᠭᠤᠳᠠᠯ ᠨᠢᠭᠡᠪᠦᠷᠢ ᠶᠢ ᠡᠷᠡᠰ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠠᠢ᠃  ᠪᠥᠬᠦ ᠬᠤᠰᠢᠭᠤᠨ ᠤ 2024 ᠣᠨ ᠤ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠨᠥᠬᠦᠪᠥᠷᠢ ᠪᠠᠯᠠ ᠮᠥᠩᠭᠦ ᠵᠢᠴᠢ ᠲᠥᠷᠥᠯ ᠵᠦᠢᠯ ᠤᠨ ᠠᠬᠢᠴᠠ᠂ 2024 ᠣᠨ ᠤ ᠦᠶᠡᠷ ᠤᠨ ᠬᠤᠭᠤᠴᠠᠭᠠᠨ ᠤ ᠭᠠᠮᠰᠢᠭ ᠠᠴᠠ ᠪᠣᠯᠵᠣ ᠬᠤᠬᠢᠷᠠᠭᠰᠠᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ᠂ ᠵᠢᠨᠱᠠᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠥᠷᠭᠡᠳᠬᠡᠨ ᠪᠠᠶᠢᠭᠤᠯᠬᠤ ᠵᠢᠴᠢ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ︵ᠬᠤᠶᠠᠳᠤᠭᠠᠷ ᠬᠤᠭᠤᠴᠠᠭ᠎ᠠ︶ ᠤᠨ ᠸᠢᠰᠠ ᠶᠢ ᠬᠤᠪᠢᠷᠠᠭᠤᠯᠬᠤ᠂ ᠪᠥᠬᠦ ᠬᠤᠰᠢᠭᠤᠨ ᠤ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ︵ᠣᠷᠳᠣ ᠬᠤᠭᠤᠴᠠᠭᠠᠨ ᠤ ᠤᠯᠤᠰ ᠤᠨ ᠵᠢᠭᠡᠯᠡᠯᠭᠡ ᠶᠢᠨ ᠲᠥᠷᠥᠯ ᠵᠦᠢᠯ︶ ᠲᠤ EPC ᠵᠠᠭᠪᠤᠷ ᠢ ᠬᠡᠷᠡᠭᠯᠡᠨ ᠢᠯᠡ ᠪᠠᠷ ᠳᠠᠭᠠᠭᠠᠴᠢᠯᠠᠯᠲᠠ ᠵᠠᠷᠯᠠᠭᠰᠠᠨ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃  ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃  ᠳᠠᠷᠠᠭ᠎ᠠ ᠨᠢ᠂ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 15 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号