ᠣᠶᠢᠷ᠎ᠠ ᠶᠢᠨ ᠵᠢᠯ ᠠᠴᠠ ᠨᠠᠭᠠᠰᠢ᠂ ᠬᠠᠷᠠᠴᠢᠨ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠥᠪᠡᠷᠮᠢᠴᠡ | ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ︽ᠵᠢᠭᠤᠯᠴᠢᠯᠠᠯ ᠤᠨ | ᠦᠨᠳᠦᠰᠦᠲᠡᠨ ᠤ ᠪᠦᠯᠬᠦᠮᠳᠡᠯ︾ ᠤᠨ ᠬᠥᠭᠵᠢᠯᠲᠡ ᠶᠢᠨ ᠠᠷᠭ᠎ᠠ ᠵᠠᠮ ᠢ ᠢᠳᠡᠪᠬᠢᠲᠡᠶ ᠰᠦᠪᠡᠭᠴᠢᠯᠡᠵᠦ᠂ | ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠪᠠᠷ ᠦᠨᠳᠦᠰᠦᠲᠡᠨ ᠨᠦᠭᠦᠳ ᠤᠨ ᠣᠷᠣᠨ ᠵᠠᠶ᠂ ᠠᠵᠤ | ᠠᠬᠤᠶ᠂ ᠰᠣᠶᠣᠯ᠂ ᠨᠡᠶᠢᠭᠡᠮ᠂ ᠰᠡᠳᠬᠢᠴᠡ ᠵᠡᠷᠭᠡ ᠲᠠᠯ᠎ᠠ ᠪᠠᠷ ᠪᠥᠬᠦ ᠲᠠᠯ᠎ᠠ ᠪᠠᠷ ᠰᠢᠭᠢᠳᠬᠦ ᠶᠢ ᠠᠬᠢᠭᠤᠯᠵᠤ᠂ ︽ | ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ | ᠲᠥᠯᠥᠪᠯᠡᠭᠡ︾ ᠶᠢᠨ ᠪᠦᠲᠦᠮᠵᠢᠲᠡᠶ ᠥᠷᠨᠢᠯᠲᠡ ᠶᠢ ᠭᠦᠨᠵᠡᠭᠡᠶ ᠠᠬᠢᠭᠤᠯᠪᠠ᠃ | ᠨᠢᠭᠡ ᠲᠠᠯ᠎ᠠ ᠪᠠᠷ᠂ ᠪᠡᠭᠡᠵᠢᠩ ᠬᠤᠲᠠ ᠶᠢᠨ ᠰᠢ ᠴᠧᠩ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠪᠡᠶᠡᠴᠢᠯᠡᠨ ᠣᠶᠢᠯᠠᠭᠠᠬᠤ ᠣᠷᠳᠣᠨ - ᠮᠣᠩᠭᠤᠯ ᠲᠥᠪᠡᠳ ᠤᠨ ᠰᠤᠷᠭᠠᠭᠤᠯᠢ ᠶᠢᠨ | ᠬᠠᠭᠤᠴᠢᠨ ᠪᠠᠭᠤᠷᠢ ᠳᠤ ︽ᠸᠧᠨ ᠼᠠᠶ ᠪᠡᠭᠡᠵᠢᠩ ᠥᠪᠥᠷ ᠮᠣᠩᠭᠤᠯ᠂ ᠥᠩᠭᠡ ᠢᠯᠭᠠᠷᠠᠭᠰᠠᠨ ᠬᠠᠮᠲᠤ ᠪᠠᠷ | ᠵᠢᠷᠤᠭᠯᠠᠬᠤ︾ ᠬᠠᠷᠠᠴᠢᠨ ᠬᠤᠰᠢᠭᠤᠨ ᠤ ᠰᠠᠶᠢᠨ ᠦᠵᠡᠮᠵᠢ ᠰᠠᠶᠢᠨ ᠪᠣᠳᠠᠰ ᠤᠨ ᠰᠣᠶᠣᠯ ᠵᠢᠭᠤᠯᠴᠢᠯᠠᠯ ᠤᠨ | ᠰᠥᠨᠢ ᠶᠢᠨ ᠵᠠᠬ᠎ᠠ ᠳᠡᠯᠭᠡᠭᠦᠷ ᠢ ᠡᠷᠭᠢᠯᠡᠬᠦ ᠪᠠᠷ ᠳᠠᠮᠵᠢᠭᠤᠯᠤᠨ᠂ ᠪᠡᠭᠡᠵᠢᠩ ᠳᠤ ᠪᠠᠶᠢᠭ᠎ᠠ 6000 ᠭᠠᠷᠤᠶ | ᠵᠤᠭᠠᠴᠠᠭᠰᠠᠳ ᠢ ︽ᠡᠪᠡᠰᠦ ᠲᠠᠷᠢᠬᠤ ᠬᠠᠷᠠᠴᠢᠨ︾ ᠪᠣᠯᠭᠠᠵᠤ᠂ ᠪᠡᠭᠡᠵᠢᠩ ᠲᠢᠶᠠᠨᠵᠢᠨ ᠾᠧᠪᠧᠶ ᠶᠢᠨ | ᠵᠢᠭᠤᠯᠴᠢᠯᠠᠯ ᠤᠨ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠥᠷᠭᠡᠳᠬᠡᠪᠡ᠃ | ᠨᠥᠭᠦᠭᠡ ᠲᠠᠯ᠎ᠠ ᠪᠠᠷ᠂ ᠬᠤᠰᠢᠭᠤᠨ ᠤ ᠳᠣᠲᠣᠷ᠎ᠠ ᠸᠠᠩ ᠤᠨ ᠣᠷᠳᠣᠨ ᠤ ᠮᠢᠬ᠎ᠠ ᠰᠢᠷᠠᠬᠤ ᠤᠷᠤᠯᠳᠤᠭᠠᠨ᠂ | ᠵᠣᠨ ᠤ ᠠᠮᠠᠷᠠᠯᠲᠠ ᠶᠢᠨ ᠬᠤᠭᠤᠴᠠᠭᠠᠨ ᠤ ︽ᠰᠣᠨᠢᠷᠬᠠᠯᠲᠠᠶ︾ ᠸᠠᠩ ᠤᠨ ᠣᠷᠳᠣᠨ ᠤ ᠬᠦᠳᠡᠯᠭᠡᠭᠡᠨ᠂ ︽ᠸᠠᠩ ᠤᠨ | ᠣᠷᠳᠣᠨ ᠤ ᠠᠯᠲᠠᠨ ᠨᠠᠮᠤᠷ︾᠂ ︽ᠲᠣᠰᠬᠤᠨ ᠤ BA︾ ᠶᠢᠨ ᠤᠷᠤᠯᠳᠤᠭᠠᠨ᠂ ᠵᠠᠭᠤᠨ ᠬᠠ ᠯᠧᠢ ᠲᠡᠷᠭᠡ | ᠮᠠᠶᠢᠷᠠᠨ ᠭᠤᠤ ᠶᠢ ᠲᠣᠭᠤᠷᠢᠨ ᠵᠤᠭᠠᠴᠠᠬᠤ ᠵᠡᠷᠭᠡ ᠠᠯᠢ ᠣᠯᠠᠨ ᠠᠵᠢᠯᠯᠠᠭ᠎ᠠ ᠶᠢ ᠡᠷᠭᠢᠯᠡᠬᠦ ᠪᠠᠷ ᠳᠠᠮᠵᠢᠭᠤᠯᠤᠨ᠂ | ᠥᠷᠭᠡᠨ ᠣᠯᠠᠨ ᠵᠢᠭᠤᠯᠴᠢᠯᠠᠭᠴᠢᠳ ᠤᠨ ᠶᠠᠪᠤᠵᠤ ᠰᠠᠭᠤᠬᠤ ᠥᠩᠭᠡᠷᠡᠯᠲᠡ ᠶᠢ ᠤᠯᠠᠮ ᠨᠢᠭᠡ ᠠᠯᠬᠤᠮ | ᠪᠠᠶᠠᠯᠢᠭᠵᠢᠭᠤᠯᠪᠠ᠃ ᠣᠳᠣᠬᠠᠨ ᠪᠣᠯᠲᠠᠯ᠎ᠠ᠂ ᠵᠤᠭᠠᠴᠠᠭᠰᠠᠳ ᠢ ᠨᠡᠶᠢᠲᠡ 15 ᠲᠦᠮᠡᠨ ᠬᠥᠮᠦᠨ ᠤᠳᠠᠭ᠎ᠠ ᠲᠠᠲᠠᠵᠤ᠂ | ᠵᠤᠭᠠᠴᠠᠯ ᠤᠨ ᠣᠷᠣᠯᠭ᠎ᠠ ᠶᠢ 5000 ᠭᠠᠷᠤᠶ ᠲᠦᠮᠡᠨ ᠲᠥᠭᠦᠷᠢᠭ ᠲᠤ ᠬᠦᠷᠭᠡᠪᠡ᠃ ᠡᠭᠦᠨ ᠤ ᠬᠠᠮᠲᠤ᠂ ᠡᠳᠡᠭᠡᠷ | ᠠᠵᠢᠯᠯᠠᠭ᠎ᠠ ᠨᠢ ᠡᠯ᠎ᠡ ᠭᠠᠵᠠᠷ ᠤᠨ ᠵᠤᠭᠠᠴᠠᠭᠰᠠᠳ ᠤᠨ ᠰᠢᠯᠢᠳᠡᠭ ᠤᠯᠠᠮᠵᠢᠯᠠᠯᠲᠤ ᠰᠣᠶᠣᠯ ᠤᠨ ᠲᠤᠬᠠᠢ ᠰᠣᠶᠣᠯ ᠤᠨ | ᠮᠡᠳᠡᠷᠡᠮᠵᠢ ᠶᠢ ᠨᠡᠮᠡᠭᠳᠡᠭᠦᠯᠵᠦ᠂ ᠡᠯ᠎ᠡ ᠦᠨᠳᠦᠰᠦᠲᠡᠨ ᠤ ᠤᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠬᠤ ᠶᠢ ᠬᠦᠳᠦᠯᠦᠨ ᠵᠢᠯᠣᠭᠤᠳᠪᠠ᠃ |