ᠬᠠᠷᠠᠴᠢᠨ ᠬᠤᠰᠢᠭᠤᠨ ᠤ ᠾᠧᠪᠧᠢ ᠵᠡᠭᠡᠯᠢ ᠭᠤᠳᠤᠮᠵᠢ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ | ᠠᠷᠭ᠎ᠠ ᠵᠠᠮ ᠢᠶᠠᠷ ᠵᠠᠮᠨᠠᠵᠤ ᠣᠶᠤᠨᠴᠢ ᠰᠦᠯᠵᠢᠶᠡᠨ ᠳᠡᠭᠡᠷᠡᠬᠢ ᠲᠠᠪᠴᠠᠩ ᠤᠨ ᠣᠯᠠᠨ ᠲᠦᠮᠡᠨ ᠳᠤ | ᠦᠢᠯᠡᠴᠢᠯᠡᠬᠦ ᠶᠢ ᠠᠬᠢᠭᠤᠯᠪᠠ | ᠬᠠᠷᠠᠴᠢᠨ ᠬᠤᠰᠢᠭᠤᠨ ᠤ ᠾᠧᠪᠧᠢ ᠵᠡᠭᠡᠯᠢ ᠭᠤᠳᠤᠮᠵᠢ ᠶᠢᠨ ᠬᠢᠨ ᠠᠵᠤ ᠠᠬᠤᠶᠢᠯᠠᠯ ᠤᠨ | ᠸᠢᠴᠠᠲ ᠢᠶᠠᠷ ᠲᠦᠰᠢᠭ ᠪᠣᠯᠭᠠᠭᠰᠠᠨ ᠣᠳᠣᠬᠢᠴᠢᠯᠠᠭᠰᠠᠨ ᠤᠶᠤᠨᠲᠤ ᠦᠨᠳᠦᠰᠦᠨ ᠱᠠᠲᠤᠨ ᠤ ᠵᠠᠰᠠᠯᠲᠠ ᠶᠢᠨ ︽ | ᠬᠤᠶᠢᠲᠤ ᠵᠡᠭᠡᠯᠢ ᠶᠢᠨ ᠤᠶᠤᠨᠲᠤ ᠴᠣᠩᠬᠤ︾ ᠰᠦᠯᠵᠢᠶᠡᠨ ᠳᠡᠭᠡᠷᠡᠬᠢ ᠲᠠᠪᠴᠠᠩ ᠢ ᠡᠵᠡᠩᠨᠡᠬᠦ ᠪᠠᠷ ᠳᠠᠮᠵᠢᠭᠤᠯᠤᠨ᠂ | ᠸᠢᠴᠠᠲ ᠤᠨ ᠥᠨᠳᠥᠷ ᠬᠡᠷᠡᠭᠯᠡᠯᠲᠡ ᠶᠢᠨ ᠨᠣᠷᠮ᠎ᠠ ᠪᠠ ᠤᠲᠠᠰᠤᠨ ᠳᠣᠲᠣᠷᠠᠬᠢ ᠨᠣᠷᠮ᠎ᠠ ᠶᠢ ᠠᠰᠢᠭᠯᠠᠨ᠂ ᠬᠠᠷᠢᠶ᠎ᠠ | ᠣᠷᠣᠨ ᠤ ᠰᠠᠭᠤᠭᠠᠯᠢ ᠠᠷᠠᠳ ᠤᠨ ᠬᠥᠮᠦᠨ ᠠᠮᠠ ᠶᠢᠨ ᠮᠡᠳᠡᠭᠡ ᠵᠠᠩᠭᠢ ᠪᠠ ᠠᠵᠢᠯᠲᠠᠨ ᠤ ᠪᠠᠶᠢᠳᠠᠯ ᠢ ᠴᠠᠭ | ᠲᠤᠬᠠᠶ ᠳᠤᠨᠢ ᠡᠵᠡᠮᠰᠢᠪᠡ᠃ ᠡᠭᠦᠨ ᠤ ᠬᠠᠮᠲᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠠᠷᠠᠳ ᠲᠤ | ᠲᠦᠬᠦᠮ ᠦᠵᠡᠭᠦᠯᠬᠦ ᠦᠢᠯᠡᠴᠢᠯᠡᠭᠡ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠵᠡᠷᠭᠡ ᠴᠢᠳᠠᠮᠵᠢ ᠶᠢ | ᠨᠢᠭᠡᠳᠦᠯᠲᠡᠢ ᠲᠠᠪᠴᠠᠩ ᠤᠨ ᠬᠠᠮᠢᠶᠠᠷᠤᠯᠲᠠ ᠳᠤ ᠣᠷᠣᠭᠤᠯᠵᠤ᠂ ︽ᠨᠢᠭᠡ ᠰᠦᠯᠵᠢᠶ᠎ᠡ ᠪᠠᠷ ᠲᠦᠮᠡᠨ ᠡᠷᠦᠬᠡ ᠲᠠᠢ | ᠬᠤᠯᠪᠣᠭᠠᠯᠠᠬᠤ᠂ ᠲᠠᠪᠴᠠᠩ ᠢᠶᠠᠷ ᠦᠨᠳᠦᠰᠦᠨ ᠱᠠᠳᠤ ᠶᠢ ᠵᠠᠰᠠᠬᠤ︾ ᠣᠳᠣᠬᠢᠴᠢᠯᠠᠭᠰᠠᠨ ᠵᠠᠰᠠᠯᠲᠠ ᠶᠢᠨ ᠰᠢᠨ᠎ᠡ | ᠪᠠᠶᠢᠷᠢᠰᠢᠯ ᠢ ᠪᠠᠶᠢᠭᠤᠯᠤᠨ᠎ᠠ᠃ ᠣᠯᠠᠨ ᠲᠦᠮᠡᠨ ︽ᠰᠠᠭᠤᠭᠠᠯᠢ ᠠᠷᠠᠳ ᠤᠨ ᠳᠡᠭᠡᠭᠰᠢ ᠮᠡᠳᠡᠭᠦᠯᠬᠦ︾ ᠴᠢᠳᠠᠮᠵᠢ ᠪᠠᠷ | ᠳᠠᠮᠵᠢᠭᠤᠯᠤᠨ᠂ ᠰᠢᠢᠳᠪᠦᠷᠢᠯᠡᠬᠦ ᠬᠡᠷᠡᠭᠴᠡᠭᠡ ᠱᠠᠭᠠᠷᠳᠠᠯᠭ᠎ᠠ ᠶᠢ ᠲᠤᠰᠬᠠᠵᠤ᠂ ᠣᠯᠠᠨ ᠲᠦᠮᠡᠨ ᠤ ᠠᠵᠢᠯ ᠶᠠᠪᠤᠳᠠᠯ | ᠭᠦᠢᠴᠡᠳᠭᠡᠬᠦ ᠳᠤ ︽ᠬᠠᠮᠤᠭ ᠣᠯᠠᠨ ᠳᠠᠭᠠᠨ ᠨᠢᠭᠡ ᠯᠡ ᠤᠳᠠᠭ᠎ᠠ ᠣᠴᠢᠵᠤ︾ ᠪᠠᠶᠢᠭᠰᠠᠨ ᠠᠴᠠ ︽ᠭᠡᠷ ᠠᠴᠠ ᠪᠠᠨ | ᠭᠠᠷᠬᠤ ᠥᠬᠡᠶ︾ ᠪᠣᠯᠭᠠᠨ ᠬᠤᠪᠢᠷᠠᠭᠤᠯᠬᠤ ᠪᠣᠯᠤᠨ᠎ᠠ᠃ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ | ᠰᠦᠯᠵᠢᠶᠡᠨ ᠭᠠᠳᠠᠨ᠎ᠠ ᠲᠣᠭᠤᠷᠢᠨ ᠪᠠᠶᠢᠴᠠᠭᠠᠬᠤ ᠳᠤ ᠨᠢᠭᠡ ᠳᠠᠷᠤᠪᠴᠢ ᠪᠠᠷ ᠳᠡᠭᠡᠭᠰᠢ ᠮᠡᠳᠡᠭᠦᠯᠬᠦ᠂ ᠰᠠᠭᠤᠭᠠᠯᠢ | ᠠᠷᠠᠳ ᠤᠨ ᠮᠡᠳᠡᠭᠡ ᠵᠠᠩᠭᠢ ᠴᠤᠭᠯᠠᠭᠤᠯᠬᠤ ᠳᠤ ᠰᠠᠶᠢᠨ ᠳᠤᠷ᠎ᠠ ᠠᠴᠠ ᠪᠠᠨ ᠳᠡᠭᠡᠭᠰᠢ ᠮᠡᠳᠡᠭᠦᠯᠬᠦ ᠵᠡᠷᠭᠡ ᠴᠢᠳᠠᠮᠵᠢ ᠪᠠᠷ | ᠳᠠᠮᠵᠢᠭᠤᠯᠤᠨ᠂ ᠰᠠᠭᠤᠭᠠᠯᠢ ᠠᠷᠠᠳ ᠤᠨ ᠬᠠᠮᠤᠭ ᠤᠨ ᠲᠦᠷᠭᠡᠨ 10 ᠮᠢᠨᠦ᠋ᠲ ᠤᠨ ᠰᠦᠯᠵᠢᠶᠡᠨ ᠳᠡᠭᠡᠷᠡᠬᠢ | ᠵᠦᠢᠯᠡᠰ ᠢ ᠭᠦᠢᠴᠡᠳᠬᠡᠬᠦ ᠶᠢ ᠪᠡᠶᠡᠯᠡᠭᠦᠯᠵᠦ᠂ ᠬᠠᠮᠤᠭ ᠤᠨ ᠲᠦᠷᠭᠡᠨ 30 | ᠮᠢᠨᠦ᠋ᠲ ᠤᠨ ᠰᠦᠯᠵᠢᠶᠡᠨ ᠳᠡᠭᠡᠷᠡᠬᠢ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠬᠡᠷᠡᠭᠲᠡᠶ᠃ ᠪᠣᠳᠠᠲᠠᠶ ᠪᠠᠶᠢᠭ᠎ᠠ | ᠬᠥᠮᠦᠨ ᠠᠮᠠ ᠶᠢᠨ ᠮᠡᠳᠡᠭᠡ ᠵᠠᠩᠭᠢ ᠴᠤᠭᠯᠠᠭᠤᠯᠬᠤ ᠠᠵᠢᠯ ᠤᠨ ᠬᠤᠭᠤᠴᠠᠭᠠᠨ ᠳᠤ᠂ ᠰᠦᠯᠵᠢᠶᠡᠨ ᠳᠡᠭᠡᠷ᠎ᠡ | ᠰᠠᠭᠤᠭᠠᠯᠢ ᠠᠷᠠᠳ ᠤᠨ ᠮᠡᠳᠡᠭᠡ ᠵᠠᠩᠭᠢ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠦᠨᠳᠦᠰᠦᠨ ᠱᠠᠲᠤᠨ ᠤ | ᠺᠠᠳ᠋ᠷ ᠤᠨ ᠠᠵᠢᠯ ᠤᠨ ᠬᠡᠮᠵᠢᠶ᠎ᠡ ᠶᠢ 40% ᠠᠴᠠ ᠳᠡᠭᠡᠭᠰᠢ ᠪᠠᠭᠤᠷᠠᠭᠤᠯᠤᠨ᠎ᠠ᠃ ᠣᠲᠣ ᠪᠣᠯᠲᠠᠯ᠎ᠠ᠂ ᠨᠢᠭᠡᠨᠲᠡ | 8500 ᠭᠠᠷᠤᠶ ᠰᠠᠭᠤᠭᠠᠯᠢ ᠠᠷᠠᠳ ︽ᠬᠤᠶᠢᠲᠤ ᠵᠡᠭᠡᠯᠢ ᠶᠢᠨ ᠤᠶᠤᠨᠲᠤ ᠴᠣᠩᠬᠤ︾ ᠰᠦᠯᠵᠢᠶᠡᠨ ᠳᠡᠭᠡᠷᠡᠬᠢ | ᠲᠠᠪᠴᠠᠩ ᠢ ᠬᠡᠷᠡᠭᠯᠡᠵᠦ᠂ ︽ᠡᠷᠦᠬᠡ ᠪᠦᠷᠢ ᠨᠢᠭᠡ ᠬᠥᠮᠦᠨ︾ ᠤ ᠪᠦᠷᠬᠦᠴᠡ ᠶᠢᠨ ᠨᠣᠷᠮ᠎ᠠ 95 % ᠳᠤ ᠬᠦᠷᠴᠡᠶ᠃ | ᠤᠶᠤᠨᠲᠤ ᠲᠠᠪᠴᠠᠩ ᠨᠢ ᠨᠢᠭᠡᠨᠲᠡ ᠰᠠᠭᠤᠭᠠᠯᠢ ᠠᠷᠠᠳ ᠤᠨ ᠮᠡᠳᠡᠭᠡ ᠵᠠᠩᠭᠢ ᠴᠤᠭᠯᠠᠭᠤᠯᠬᠤ ᠠᠵᠢᠯ ᠢ 6000 | ᠭᠠᠷᠤᠶ ᠬᠥᠮᠦᠨ ᠤᠳᠠᠭ᠎ᠠ ᠪᠡᠶᠡᠯᠡᠭᠦᠯᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ 658 ᠤᠳᠠᠭ᠎ᠠ | ᠥᠷᠨᠢᠭᠦᠯᠵᠦ᠂ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ 249 ᠬᠤᠪᠢ ᠭᠥᠯᠢᠶᠡᠨ ᠠᠪᠴᠤ | ᠰᠢᠢᠳᠪᠦᠷᠢᠯᠡᠵᠦ ᠂ ᠳᠡᠭᠡᠳᠦ ᠱᠠᠲᠤᠨ ᠤ ᠠᠵᠢᠯ ᠤᠨ ᠲᠣᠬᠢᠷᠠᠭᠤᠯᠤᠯᠲᠠ ᠶᠢ 48 ᠤᠳᠠᠭ᠎ᠠ | ᠤᠯᠠᠮᠵᠢᠯᠠᠪᠠ᠃ | |