ᠬᠠᠷᠠᠴᠢᠨ ᠬᠤᠰᠢᠭᠤ ᠪᠣᠳᠠᠰ ᠤᠨ ᠪᠤᠰᠤ ᠰᠣᠶᠣᠯ ᠤᠨ ᠥᠪ ᠤᠨ ᠠᠭᠤᠰᠤᠯᠴᠠᠯ ᠤᠨ ᠵᠠᠭᠪᠤᠷ ᠤᠨ ᠰᠢᠨ᠎ᠡ ᠶᠢ ᠡᠭᠦᠳᠴᠦ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠪᠡ
ᠨᠡᠶᠢᠲᠡᠯᠡᠭᠰᠡᠨ ᠴᠠᠭ᠄
2024/11/14
ᠬᠠᠷᠠᠴᠢᠨ ᠬᠤᠰᠢᠭᠤ ᠪᠣᠳᠠᠰ ᠤᠨ ᠪᠤᠰᠤ ᠰᠣᠶᠣᠯ ᠤᠨ ᠥᠪ ᠤᠨ ᠠᠭᠤᠰᠤᠯᠴᠠᠯ ᠤᠨ ᠵᠠᠭᠪᠤᠷ ᠤᠨ ᠰᠢᠨ᠎ᠡ ᠶᠢ ᠡᠭᠦᠳᠴᠦ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠪᠡ  ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠤᠨ ᠤᠶᠠᠯᠳᠤᠯ ᠨᠢ ᠵᠢᠭᠤᠯᠴᠢᠯᠠᠯ ᠤᠨ ᠰᠣᠶᠣᠯ ᠤᠨ ᠣᠶᠢᠯᠠᠭᠠᠯᠲᠠ ᠶᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠪᠠᠰᠠ ᠡᠯ᠎ᠡ ᠵᠦᠢᠯ ᠤᠨ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠢ ᠪᠣᠯᠭᠠᠵᠤ᠂ ᠬᠤᠶᠠᠭᠤᠯᠠ ᠪᠠᠨ ᠬᠡᠷᠬᠢᠨ ᠨᠡᠩ ᠥᠷᠭᠡᠨ ᠬᠡᠪᠴᠢᠶ᠎ᠡ᠂ ᠨᠡᠩ ᠭᠦᠨ ᠳᠠᠪᠬᠤᠷᠭ᠎ᠠ᠂ ᠨᠡᠩ ᠥᠨᠳᠥᠷ ᠲᠦᠪᠰᠢᠨ ᠠᠴᠠ ᠠᠭᠤᠰᠤᠯᠴᠠᠨ ᠬᠥᠭᠵᠢᠵᠦ᠂ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠵᠦ᠂ ᠬᠠᠷᠠᠴᠢᠨ ᠬᠤᠰᠢᠭᠤ ᠳᠣᠤᠷᠠᠬᠢ ᠬᠡᠳᠦᠨ ᠲᠠᠯ᠎ᠠ ᠠᠴᠠ ᠭᠠᠷᠳᠠᠪᠠ᠃  ᠨᠢᠭᠡ ᠳᠤ᠂ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠪᠠᠶᠠᠷ ᠤᠨ ᠠᠵᠢᠯᠯᠠᠭ᠎ᠠ᠃ ᠬᠠᠷᠠᠴᠢᠨ ᠬᠤᠰᠢᠭᠤ ᠨᠢ ᠡᠯ᠎ᠡ ᠲᠥᠷᠥᠯ ᠤᠨ ᠵᠢᠭᠤᠯᠴᠢᠯᠠᠯ ᠤᠨ ᠪᠠᠶᠠᠷ ᠤᠨ ᠠᠵᠢᠯᠯᠠᠭ᠎ᠠ ᠡᠷᠬᠢᠯᠡᠬᠦ ᠪᠠᠷ ᠳᠠᠮᠵᠢᠭᠤᠯᠤᠨ ᠪᠣᠳᠠᠰ ᠤᠨ ᠪᠤᠰᠤ ᠰᠣᠶᠣᠯ ᠢ ᠲᠡᠭᠦᠨ ᠤ ᠳᠣᠲᠣᠷ᠎ᠠ ᠠᠭᠤᠰᠭᠠᠨ ᠣᠷᠣᠭᠤᠯᠪᠠ᠃ 2024 ᠣᠨ ᠳᠤ ᠡᠷᠬᠢᠯᠡᠭᠰᠡᠨ ᠬᠠᠷᠠᠴᠢᠨ ᠤ ᠵᠠᠩ ᠦᠢᠯᠡ ᠶᠢᠨ ᠰᠣᠶᠣᠯ ᠤᠨ ᠨᠠᠶᠢᠷ ᠨᠢ ᠪᠣᠳᠠᠰ ᠤᠨ ᠪᠤᠰᠤ ᠰᠣᠶᠣᠯ ᠤᠨ ᠥᠪ ᠤᠨ 20 ᠭᠠᠷᠤᠢ ᠲᠦᠷᠦᠯ ᠵᠦᠢᠯ ᠤᠨ ᠳᠡᠯᠭᠡᠨ ᠦᠵᠡᠭᠦᠯᠬᠦ ᠳᠡᠯᠭᠡᠭᠦᠷ ᠪᠠ ᠲᠣᠭᠯᠠᠯᠲᠠ ᠶᠢᠨ ᠣᠷᠣᠨ ᠪᠦᠰᠡ ᠶᠢ ᠲᠤᠬᠢᠷᠠᠭᠤᠯᠪᠠ᠃ ᠪᠦᠷᠢᠳᠬᠡᠯ ᠢ ᠦᠨᠳᠦᠰᠦᠯᠡᠪᠡᠯ᠂ ᠰᠣᠶᠣᠯ ᠤᠨ ᠨᠠᠶᠢᠷ ᠤᠨ ᠬᠤᠭᠤᠴᠠᠭᠠᠨ ᠳᠤ ᠵᠤᠭᠠᠴᠠᠭᠰᠠᠳ ᠢ ᠨᠡᠶᠢᠲᠡ 10 ᠲᠦᠮᠡᠨ ᠬᠥᠮᠦᠨ ᠤᠳᠠᠭ᠎ᠠ ᠠᠴᠠ ᠳᠡᠭᠡᠭᠰᠢ ᠲᠠᠲᠠᠵᠤ᠂ ᠵᠢᠭᠤᠯᠴᠢᠯᠠᠯ ᠤᠨ ᠣᠷᠣᠯᠭ᠎ᠠ ᠶᠢ 30% ᠪᠠᠷ ᠨᠡᠮᠡᠭᠳᠡᠭᠦᠯᠪᠡ᠃  ᠬᠤᠶᠠᠷ ᠲᠤ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ᠃ ᠦᠵᠡᠮᠵᠢ ᠶᠢᠨ ᠣᠷᠣᠨ ᠢ ᠪᠠᠶᠢᠭᠤᠯᠬᠤ ᠲᠠᠯ᠎ᠠ ᠪᠠᠷ᠂ ᠬᠠᠷᠠᠴᠢᠨ ᠬᠤᠰᠢᠭᠤ ᠪᠣᠳᠠᠰ ᠤᠨ ᠪᠤᠰᠤ ᠰᠣᠶᠣᠯ ᠤᠨ ᠥᠪ ᠤᠨ ᠡᠯᠧᠮᠧᠨ᠋ᠲ ᠢ ᠭᠦᠨᠵᠡᠭᠡᠶ ᠰᠢᠭᠢᠳᠬᠡᠪᠡ᠃ ᠮᠠᠶᠢᠷᠠᠨ ᠭᠤᠤ ᠶᠢᠨ ᠦᠵᠡᠮᠵᠢ ᠶᠢᠨ ᠣᠷᠣᠨ ᠢᠶᠠᠷ ᠵᠢᠱᠢᠶᠡᠯᠡᠪᠡᠯ᠂ ᠦᠵᠡᠮᠵᠢ ᠶᠢᠨ ᠣᠷᠣᠨ ᠳᠤ ᠲᠤᠰᠬᠠᠶᠢᠯᠠᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢᠨ ᠣᠷᠳᠣᠨ ᠢ ᠨᠡᠭᠡᠭᠡᠵᠦ᠂ ᠲᠠᠯᠠᠪᠠᠢ ᠨᠢ 2000 ᠲᠡᠭᠰᠢ ᠳᠥᠷᠪᠡᠯᠵᠢᠨ ᠮᠸᠲᠷ ᠲᠤ ᠬᠦᠷᠴᠦ ᠂ ᠲᠤᠬᠠᠶ ᠶᠢᠨ ᠭᠠᠵᠠᠷ ᠤᠨ 30 ᠭᠠᠷᠤᠶ ᠵᠦᠢᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠪᠣᠳᠠᠲᠤ ᠪᠣᠳᠠᠰ ᠪᠠ ᠮᠠᠲ᠋ᠧᠷᠢᠶᠠᠯ ᠢ ᠳᠡᠯᠭᠡᠨ ᠦᠵᠡᠭᠦᠯᠪᠡ᠃ ᠡᠭᠦᠨ ᠤ ᠬᠠᠮᠲᠤ᠂ ᠦᠵᠡᠮᠵᠢ ᠶᠢᠨ ᠣᠷᠣᠨ ᠤ ᠡᠳᠦᠷ ᠲᠤᠲᠤᠮ ᠤᠨ ᠡᠵᠡᠩᠨᠡᠯᠲᠡ ᠶᠢᠨ ᠳᠤᠮᠳᠠ᠂ ᠪᠣᠳᠠᠰ ᠤᠨ ᠪᠤᠰᠤ ᠰᠣᠶᠣᠯ ᠤᠨ ᠥᠪ ᠤᠨ ᠪᠠᠶᠢᠩᠭᠤᠵᠢᠭᠤᠯᠤᠭᠰᠠᠨ ᠲᠣᠭᠯᠠᠯᠲᠠ ᠶᠢ ᠳᠣᠭᠢᠷᠠᠭᠤᠯᠪᠠ᠂ ᠵᠢᠱᠢᠶᠡᠯᠡᠪᠡᠯ ᠮᠣᠩᠭᠤᠯ ᠦᠨᠳᠦᠰᠦᠲᠡᠨ ᠤ ᠤᠷᠲᠤ ᠶᠢᠨ ᠳᠠᠭᠤᠤ ᠶᠢᠨ ᠳᠠᠭᠤᠤ᠂ ᠮᠣᠷᠢᠨ ᠬᠤᠭᠤᠷ ᠤᠨ ᠬᠥᠭᠵᠢᠮ ᠵᠡᠷᠭᠡ ᠶᠢ ᠭᠠᠷᠠᠭ ᠪᠦᠷᠢ 15 ᠤᠳᠠᠭ᠎ᠠ ᠠᠴᠠ ᠳᠡᠭᠡᠭᠰᠢ ᠲᠣᠭᠯᠠᠵᠤ᠂ ᠦᠵᠡᠮᠵᠢ ᠶᠢᠨ ᠣᠷᠣᠨ ᠤ ᠶᠡᠷᠦᠩᠬᠡᠶᠢᠯᠡᠭᠰᠡᠨ ᠣᠷᠣᠯᠭ᠎ᠠ 25% ᠪᠠᠷ ᠨᠡᠮᠡᠭᠳᠡᠪᠡ᠃  ᠭᠤᠷᠪᠠ ᠳᠤ᠂ ᠪᠣᠳᠠᠰ ᠤᠨ ᠪᠤᠰᠤ ᠰᠣᠶᠣᠯ ᠤᠨ ᠥᠪ ᠤᠨ ᠰᠤᠳᠤᠯᠤᠨ ᠰᠤᠷᠤᠯᠴᠠᠬᠤ ᠵᠢᠭᠤᠯᠴᠢᠯᠠᠯ᠃ ᠵᠤᠭᠠᠴᠠᠭᠰᠠᠳ ᠤᠨ ᠮᠡᠳᠡᠯᠭᠡ ᠰᠤᠷᠤᠯᠴᠠᠬᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠬᠠᠷᠠᠴᠢᠨ ᠬᠤᠰᠢᠭᠤ ᠪᠣᠳᠠᠰ ᠤᠨ ᠪᠤᠰᠤ ᠰᠣᠶᠣᠯ ᠤᠨ ᠥᠪ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠪᠡ᠃ ᠣᠳᠣᠬᠠᠨ ᠳᠤ᠂ ᠡᠷᠭᠢᠨ ᠲᠣᠭᠤᠷᠢᠨ ᠤ 20 ᠭᠠᠷᠤᠶ ᠰᠤᠷᠭᠠᠭᠤᠯᠢ ᠪᠣᠯᠤᠨ ᠰᠤᠷᠭᠠᠨ ᠬᠥᠮᠦᠵᠢᠯ ᠤᠨ ᠪᠠᠶᠢᠭᠤᠯᠤᠮᠵᠢ ᠲᠠᠢ ᠬᠠᠮᠲᠤᠷᠠᠯᠴᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠰᠤᠳᠤᠯᠤᠨ ᠰᠤᠷᠤᠯᠴᠠᠬᠤ ᠠᠵᠢᠯᠯᠠᠭ᠎ᠠ ᠶᠢ ᠥᠷᠨᠢᠭᠦᠯᠪᠡ᠃ ᠵᠢᠯ ᠪᠦᠷᠢ ᠶᠢᠨ ᠬᠦᠯᠢᠶᠡᠨ ᠵᠣᠴᠢᠯᠠᠬᠤ ᠰᠤᠳᠤᠯᠤᠨ ᠰᠤᠷᠤᠯᠴᠠᠬᠤ ᠪᠦᠯᠬᠦᠮ ᠤᠨ ᠲᠤᠭ᠎ᠠ 50 ᠶᠢ ᠳᠠᠪᠠᠵᠤ᠂ ᠣᠷᠣᠯᠴᠠᠭᠰᠠᠨ ᠰᠤᠷᠤᠭᠴᠢ ᠶᠢᠨ ᠲᠤᠭ᠎ᠠ 5000 ᠭᠠᠷᠤᠶ ᠬᠥᠮᠦᠨ ᠤᠳᠠᠭ᠎ᠠ ᠳᠤ ᠬᠦᠷᠪᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号