ᠬᠠᠷᠠᠴᠢᠨ ᠬᠤᠰᠢᠭᠤ ᠮᠥᠩᠭᠦᠨ ᠭᠦᠢᠯᠭᠡᠭᠡᠨ ᠤ ᠬᠠᠩᠭᠠᠯᠭ᠎ᠠ ᠶᠢ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ | ᠪᠥᠬᠦ ᠬᠤᠲᠠ ᠶᠢᠨ ᠮᠥᠩᠭᠦᠨ ᠭᠦᠢᠯᠭᠡᠭᠡᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ | ᠠᠵᠢᠯ ᠤᠨ ᠰᠢᠨ᠎ᠡ ᠰᠢᠪᠲᠤᠯᠤᠯᠲᠠ ᠶᠢ ᠪᠡᠶᠡᠯᠡᠭᠦᠯᠪᠡ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ᠥᠪᠡᠷᠲᠡᠭᠡᠨ ᠵᠠᠰᠠᠬᠤ ᠣᠷᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ ᠬᠤᠳᠠᠯᠳᠤᠭ᠎ᠠ ᠡᠵᠡᠩᠨᠡᠬᠦ | ᠣᠷᠴᠢᠨ ᠲᠣᠭᠤᠷᠢᠨ ᠢ ᠰᠢᠯᠢᠳᠡᠭᠵᠢᠭᠦᠯᠬᠦ ᠬᠠᠮᠢᠶ᠎ᠠ ᠪᠦᠬᠦᠢ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ ᠬᠠᠷᠠᠴᠢᠨ ᠬᠤᠰᠢᠭᠤ ᠵᠠᠰᠠᠭ ᠤᠨ ᠣᠷᠳᠣᠨ᠂ ᠮᠥᠩᠭᠦᠨ | ᠭᠦᠢᠯᠭᠡᠭᠡᠨ ᠤ ᠪᠠᠶᠢᠭᠤᠯᠤᠮᠵᠢ᠂ ᠠᠵᠤ ᠠᠬᠤᠶᠢᠯᠠᠯ ᠤᠨ ᠬᠤᠭᠤᠷᠣᠨᠳᠣᠬᠢ ᠣᠯᠣᠯᠴᠠᠭ᠎ᠠ ᠰᠣᠯᠢᠯᠴᠠᠭ᠎ᠠ ᠶᠢ ᠤᠯᠠᠮ ᠨᠢᠭᠡ | ᠠᠯᠬᠤᠮ ᠴᠢᠩᠭᠠᠳᠬᠠᠵᠤ᠂ ᠮᠥᠩᠭᠦᠨ ᠭᠦᠢᠯᠭᠡᠭᠡ ᠠᠵᠤ ᠠᠬᠤᠶᠢᠯᠠᠯ ᠤᠨ ᠬᠠᠮᠲᠤᠷᠠᠯᠴᠠᠭᠠᠨ ᠤ ᠰᠠᠭᠤᠷᠢ ᠶᠢ ᠬᠠᠮᠲᠤᠪᠠᠷ | ᠴᠣᠭᠴᠠᠯᠠᠵᠤ᠂ ᠮᠥᠩᠭᠦᠨ ᠭᠦᠢᠯᠭᠡᠭᠡ ᠠᠵᠤ ᠠᠬᠤᠶᠢᠯᠠᠯ ᠤᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ | ᠠᠬᠢᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ | ᠶᠡᠭᠡ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠤᠯᠭᠠᠭᠤᠷᠢᠯᠠᠯ ᠬᠠᠩᠭᠠᠵᠠᠢ᠃ | ᠨᠢᠭᠡ ᠳᠤ᠂ ᠲᠥᠷᠥ ᠶᠢᠨ ᠪᠣᠳᠣᠯᠭ᠎ᠠ ᠶᠢ ᠭᠠᠳᠠᠭᠰᠢ ᠬᠦᠷᠭᠡᠵᠦ᠂ ᠨᠠᠶᠢᠳᠠᠪᠤᠷᠢᠵᠢᠭᠤᠯᠬᠤ ᠶᠢ ᠠᠳᠬᠤᠪᠠ᠃ | ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠬᠦ᠂ ᠮᠥᠩᠭᠦᠨ ᠭᠦᠢᠯᠭᠡᠭᠡᠨ ᠤ | ᠠᠮᠢ ᠠᠬᠤᠶ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠷ ᠵᠣᠷᠢᠯᠲᠠ ᠪᠣᠯᠭᠠᠵᠤ᠂ ︽ᠴᠠᠭᠠᠨ ᠨᠡᠷᠡᠰ ᠤᠨ | ᠵᠢᠭᠰᠠᠭᠠᠯᠲᠠ︾ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠪᠠᠩᠬᠢ ᠶᠢᠨ ᠲᠦᠷᠢᠮ ᠢ ᠲᠦᠷᠭᠡᠨ | ᠴᠤᠤᠷᠢᠶᠠᠲᠤᠭᠤᠯᠵᠤ᠂ ᠮᠥᠩᠭᠦᠨ ᠭᠦᠢᠯᠭᠡᠭᠡᠨ ᠤ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠢᠯᠡᠳᠲᠡ | ᠳᠡᠭᠡᠭᠰᠢᠯᠡᠭᠦᠯᠦᠨ᠂ 6 ᠰᠠᠷ᠎ᠠ ᠪᠣᠯᠲᠠᠯ᠎ᠠ᠂ ᠪᠥᠬᠦ ᠬᠤᠰᠢᠭᠤᠨ ᠤ ᠠᠷᠠᠳ ᠤᠨ ᠵᠣᠭᠤᠰ ᠤᠨ ᠬᠠᠳᠠᠭᠠᠯᠠᠮᠵᠢ | ᠵᠢᠭᠡᠯᠡᠯᠭᠡ ᠶᠢᠨ ᠦᠯᠡᠳᠡᠪᠦᠷᠢ 196 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 3.2 % ᠢᠶᠠᠷ ᠨᠡᠮᠡᠭᠳᠡᠪᠡ︔ ᠵᠢᠭᠡᠯᠡᠯᠭᠡ ᠶᠢᠨ ᠦᠯᠡᠳᠡᠪᠦᠷᠢ 126 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 2.1 % ᠪᠠᠷ ᠨᠡᠮᠡᠭᠳᠡᠪᠡ᠃ | ᠬᠤᠶᠠᠷ ᠲᠤ᠂ ᠦᠢᠯᠡᠴᠢᠯᠡᠭᠡ ᠶᠢ ᠭᠠᠳᠠᠭᠰᠢ ᠬᠦᠷᠭᠡᠵᠦ᠂ ᠪᠡᠯᠡ ᠮᠥᠩᠭᠦ ᠶᠢ ᠪᠠᠭᠤᠯᠭᠠᠪᠠ᠃ ︽ᠮᠦᠡᠭᠬᠦᠨ | ᠬᠦᠢᠯᠭᠡᠭᠡᠨ ᠤ ᠦᠢᠯᠡᠴᠢᠯᠡᠭᠡᠨ ᠢ ᠦᠨᠳᠣᠰᠣᠨ ᠱᠠᠳᠣᠨ ᠳᠤ ᠪᠠᠭᠤᠯᠭᠠᠬᠤ︾ ᠠᠵᠢᠯᠯᠠᠭ᠎ᠠ ᠶᠢ ᠦᠷᠬᠦᠯᠵᠢᠯᠡᠨ | ᠦᠷᠨᠢᠬᠦᠯᠵᠦ᠂ ︽ᠲᠣᠰᠬᠠᠢ ᠠᠩᠬᠢ ᠲᠣᠰᠬᠠᠢ ᠠᠵᠢᠯᠳᠠᠨ ᠢ ᠲᠣᠰᠬᠠᠶᠢᠵᠢᠭᠤᠯᠬᠤ︾ ᠶᠢ ᠪᠡᠷᠢᠮᠳᠡᠯᠡᠨ᠂ ︽ | ᠳᠦᠷᠦ ᠶᠢᠨ ᠪᠤᠳᠣᠯᠭ᠎ᠠ᠂ ᠦᠢᠯᠡᠳᠬᠦᠨ ᠬᠦᠷᠭᠡᠬᠦ᠂ ᠦᠢᠯᠡᠴᠢᠯᠡᠭᠡ ᠬᠦᠷᠭᠡᠬᠦ︾ ᠶᠢ ᠪᠠᠷᠢᠮᠳᠡᠯᠡᠵᠦ᠂ ᠠᠵᠦ | ᠠᠬᠤᠶᠢᠯᠠᠯ ᠳᠤ ᠶᠡᠷᠦᠩᠭᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠳᠦᠰᠥᠯ ᠢ ᠲᠣᠠᠠᠳᠠᠭᠠᠵᠦ᠂ ᠠᠵᠦ ᠠᠬᠤᠶᠢᠯᠠᠯ ᠤᠨ | ᠪᠡᠯᠡ ᠲᠣᠬᠢᠷᠠᠭᠤᠯᠭ᠎ᠠ ᠶᠢᠨ ᠦᠪᠡᠷ ᠤᠨ ᠦᠷᠳᠡᠭ ᠢ ᠰᠢᠯᠢᠳᠡᠭᠵᠢᠬᠦᠯᠥᠨᠠ᠃ ᠵᠢᠯ ᠤᠨ ᠡᠬᠢᠨ ᠠᠴᠠ ᠨᠠᠰᠢ᠂ ᠲᠤᠰᠬᠠᠶ | ᠲᠠᠯᠠᠪᠤᠷ ᠵᠣᠯᠭᠠᠭᠤᠯᠬᠤ ᠠᠵᠢᠯᠯᠠᠭ᠎ᠠ ᠶᠢ ᠨᠡᠶᠢᠲᠡ 2 ᠲᠠᠯᠠᠪᠤᠷ ᠥᠷᠨᠢᠭᠦᠯᠵᠦ᠂ ᠪᠠᠯᠠ ᠲᠣᠬᠢᠷᠠᠭᠤᠯᠭ᠎ᠠ ᠶᠢᠨ ᠬᠡᠷᠡᠭᠴᠡᠭᠡ | ᠱᠠᠭᠠᠷᠳᠠᠯᠭ᠎ᠠ ᠶᠢᠨ 27 ᠠᠵᠤ ᠠᠬᠤᠶᠢᠯᠠᠯ ᠢ ᠪᠦᠷᠢᠳᠬᠡᠵᠦ᠂ ᠪᠠᠯᠠ ᠲᠣᠬᠢᠷᠠᠭᠤᠯᠭ᠎ᠠ ᠶᠢᠨ ᠬᠡᠷᠡᠭᠴᠡᠭᠡ | ᠱᠠᠭᠠᠷᠳᠠᠯᠭ᠎ᠠ ᠶᠢᠨ ᠵᠣᠭᠤᠰ ᠤᠨ ᠲᠤᠭ᠎ᠠ 31 ᠳ᠋ᠦᠩᠰᠢᠭᠤᠷ ᠲᠥᠭᠦᠷᠢᠭ ᠲᠤ ᠬᠦᠷᠴᠡᠶ᠃ | ᠭᠤᠷᠪᠠ ᠳᠤ᠂ ᠦᠢᠯᠡᠳᠬᠦᠨ ᠢ ᠭᠠᠳᠠᠭᠰᠢ ᠬᠦᠷᠭᠡᠵᠦ᠂ ᠠᠷᠭ᠎ᠠ ᠵᠠᠮ ᠤᠯᠠᠰᠢᠷᠠᠪᠠ᠃ ᠲᠦᠭᠡᠮᠡᠯ | ᠬᠠᠷᠠᠭᠠᠯᠵᠠᠯᠲᠤ ᠮᠥᠩᠭᠦᠨ ᠭᠦᠢᠯᠭᠡᠭᠡᠨ ᠤ ᠮᠡᠳᠡᠭᠡ ᠵᠠᠩᠭᠢ ᠶᠢᠨ ᠲᠠᠪᠴᠠᠩ ᠢ ᠢᠳᠡᠪᠬᠢᠲᠡᠶ ᠪᠠᠶᠢᠭᠤᠯᠵᠤ᠂ ︽ᠲᠣᠮᠣ | ᠳ᠋ᠠᠶᠢᠲ᠋ᠠ ᠶᠢᠨ ᠮᠡᠳᠡᠭᠡ ᠵᠠᠩᠭᠢ ᠶᠢᠨ ᠤᠶᠤᠨᠴᠢᠯᠠᠭᠰᠠᠨ ᠵᠢᠭᠡᠯᠡᠯᠭᠡ ᠶᠢ ᠬᠢᠨᠠᠨ ᠵᠥᠪᠰᠢᠶᠡᠷᠡᠬᠦ︾ ᠠᠷᠭ᠎ᠠ ᠮᠠᠶ᠋ᠢᠭ ᠪᠠ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠥᠷᠥ ᠶᠢᠨ ᠪᠣᠳᠣᠯᠭ᠎ᠠ᠂ ᠦᠢᠯᠡᠳᠬᠦᠨ ᠢ ᠬᠦᠷᠭᠡᠬᠦ ᠵᠠᠭᠪᠤᠷ ᠲᠤ | ᠰᠢᠨ᠎ᠡ ᠶᠢ ᠡᠭᠦᠳᠦᠨ᠎ᠡ᠃ ᠬᠤᠰᠢᠭᠤᠨ ᠲᠠᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠠᠷ᠎ᠠ ᠶᠢᠨ | ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠴᠠᠭ | ᠲᠤᠬᠠᠶ ᠳᠤᠨᠢ ᠬᠠᠪᠰᠤᠷᠤᠨ ᠬᠥᠭᠵᠢᠯᠲᠡ ᠶᠢᠨ ᠬᠦᠴᠢᠷ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠨ᠎ᠡ᠃ | ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠲᠠᠪᠴᠠᠩ ᠢ ᠭᠦᠢᠴᠡᠳ ᠠᠰᠢᠭᠯᠠᠨ᠂ ᠠᠵᠤ ᠠᠬᠤᠶᠢᠯᠠᠯ ᠤᠨ | ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠴᠠᠭ ᠲᠤᠬᠠᠶ ᠳᠤᠨᠢ ᠨᠡᠶᠢᠲᠡᠯᠡᠵᠦ᠂ ᠮᠥᠩᠭᠦᠨ | ᠭᠦᠢᠯᠭᠡᠭᠡᠨ ᠤ ᠦᠢᠯᠡᠳᠬᠦᠨ ᠢ ᠲᠠᠨᠢᠯᠴᠠᠭᠤᠯᠬᠤ ᠪᠠ ᠳᠡᠯᠭᠡᠨ ᠦᠵᠡᠭᠦᠯᠵᠦ᠂ | ᠣᠲᠣ ᠪᠣᠯᠲᠠᠯ᠎ᠠ ᠬᠠᠮᠢᠶ᠎ᠠ ᠪᠥᠬᠦᠶ ᠮᠡᠳᠡᠭᠡ ᠨᠡᠶᠢᠲᠡ 200 ᠭᠠᠷᠤᠶ ᠵᠤᠷᠪᠤᠰ ᠨᠡᠶᠢᠲᠡᠯᠡᠪᠡ᠃ | | |