ᠬᠠᠷᠠᠴᠢᠨ ᠬᠤᠰᠢᠭᠤᠨ ᠤ ︽ᠡᠯᠰᠡᠨ ᠲᠠᠨᠢᠯᠴᠠᠭᠤᠯᠬᠤ ᠦᠢᠯᠡᠴᠢᠯᠡᠭᠡ︾ ᠶᠢ ᠨᠢᠭᠡ ᠴᠤᠭᠴᠠᠵᠢᠭᠤᠯᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠬᠤᠷᠠᠮᠳᠤᠭᠤᠯᠤᠨ ᠨᠢᠭᠲᠠᠷᠠᠭᠤᠯᠪᠠ
ᠨᠡᠶᠢᠲᠡᠯᠡᠭᠰᠡᠨ ᠴᠠᠭ᠄
2024/11/14
  ᠬᠠᠷᠠᠴᠢᠨ ᠬᠤᠰᠢᠭᠤᠨ ᠤ ︽ᠡᠯᠰᠡᠨ ᠲᠠᠨᠢᠯᠴᠠᠭᠤᠯᠬᠤ ᠦᠢᠯᠡᠴᠢᠯᠡᠭᠡ︾ ᠶᠢ ᠨᠢᠭᠡ ᠴᠤᠭᠴᠠᠵᠢᠭᠤᠯᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠬᠤᠷᠠᠮᠳᠤᠭᠤᠯᠤᠨ ᠨᠢᠭᠲᠠᠷᠠᠭᠤᠯᠪᠠ  ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠣᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ︽ᠡᠬᠢ ᠪᠤᠯᠠᠭ︾ ᠮᠥᠨ᠃ ᠡᠨᠡ ᠵᠢᠯ ᠠᠴᠠ ᠨᠠᠰᠢ᠂ ᠬᠠᠷᠠᠴᠢᠨ ᠬᠤᠰᠢᠭᠤ ᠰᠢᠨ᠎ᠡ ᠪᠠᠶᠢᠳᠠᠯ ᠳᠣᠤᠷᠠᠬᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠰᠢᠨ᠎ᠡ ᠠᠷᠭ᠎ᠠ ᠵᠠᠮ ᠢ ᠲᠠᠰᠤᠷᠠᠯᠲᠠ ᠥᠬᠡᠶ ᠰᠦᠪᠡᠭᠴᠢᠯᠡᠵᠦ᠂ ︽ᠬᠤᠳᠠᠯᠳᠤᠭᠠᠴᠢᠨ ᠤᠷᠢᠬᠤ ᠶᠢ ᠶᠡᠬᠡᠪᠡᠷ ᠠᠳᠬᠤᠵᠤ᠂ ᠲᠥᠷᠥᠯ ᠵᠦᠢᠯ ᠢ ᠶᠡᠬᠡᠪᠡᠷ ᠠᠳᠬᠤᠬᠤ︾ ᠬᠠᠯᠠᠭᠤᠨ ᠥᠷᠨᠢᠯᠲᠡ ᠶᠢ ᠦᠷᠭᠦᠯᠵᠢᠯᠡᠨ ᠪᠣᠶ ᠪᠣᠯᠭᠠᠵᠤ᠂ ᠬᠠᠷᠠᠴᠢᠨ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠭᠦᠷ ᠬᠠᠩᠭᠠᠭᠰᠠᠨ ᠪᠠᠶᠢᠨ᠎ᠠ᠃  ᠨᠢᠭᠡ ᠳᠤ᠂ ᠬᠠᠮᠵᠢᠯᠴᠠᠨ ᠪᠠᠲᠤᠯᠠᠬᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠪᠡ᠃ ᠲᠥᠷᠥᠯ ᠵᠦᠶ᠋ᠯ ᠤᠨ ︽ᠡᠯᠰᠡᠨ ᠳᠡᠯᠭᠡᠷᠡᠭᠦᠯᠬᠦ︾ ᠶᠢ ᠨᠢᠭᠡ ᠴᠤᠭᠴᠠᠵᠢᠭᠤᠯᠤᠨ ᠬᠠᠮᠵᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ 5 ᠲᠤᠰᠬᠠᠶ ᠵᠦᠢᠯ ᠤᠨ ᠬᠤᠳᠠᠯᠳᠤᠭᠠᠴᠢᠨ ᠤᠷᠢᠬᠤ ᠳᠤᠭᠤᠶᠢᠯᠠᠩ᠂ 5 ᠠᠵᠤ ᠦᠢᠯᠡᠰ ᠤᠨ ᠬᠡᠯᠬᠢᠶ᠎ᠡ ᠶᠢᠨ ᠲᠤᠰᠬᠠᠶ ᠬᠤᠳᠠᠯᠳᠤᠭᠠᠴᠢᠨ ᠤᠷᠢᠬᠤ ᠳᠤᠭᠤᠶᠢᠯᠠᠩ᠂ 9 ᠭᠤᠤᠯᠳᠠᠯᠭ᠎ᠠ ᠲᠠᠢ ᠠᠵᠢᠯ ᠢ ᠠᠬᠢᠭᠤᠯᠬᠤ ᠳᠤᠭᠤᠶᠢᠯᠠᠩ᠂ 25 ᠬᠤᠳᠠᠯᠳᠤᠭᠠᠴᠢᠨ ᠤᠷᠢᠬᠤ ᠰᠠᠯᠪᠤᠷᠢ ᠪᠠᠭ᠎ᠠ ᠠᠩᠭᠢ ᠶᠢ ᠪᠠᠶᠢᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠰᠢᠶᠠᠨ ᠤ ᠭᠠᠵᠠᠷ ᠤᠨ ᠲᠠᠰ ᠤᠨ ᠤᠳᠤᠷᠢᠳᠤᠯᠭ᠎ᠠ ᠪᠠᠷ ᠲᠦᠷᠦᠭᠦᠯᠡᠭᠦᠯᠦᠨ᠂ ᠲᠥᠷᠥᠯ ᠵᠦᠢᠯ ᠤᠨ ︽ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ︾ ᠶᠢᠨ ᠦᠢᠯᠡᠴᠢᠯᠡᠭᠡᠨ ᠤ ᠱᠠᠭᠠᠷᠳᠠᠯᠭ᠎ᠠ ᠶᠢᠨ ᠲᠣᠭᠤᠷᠢᠨ ᠳᠤ᠂ ᠵᠣᠯᠭᠠᠭᠤᠯᠤᠨ ᠨᠡᠪᠲᠡᠷᠡᠭᠦᠯᠬᠦ ᠲᠠᠯ᠎ᠠ ᠪᠠᠷ ᠰᠢᠰᠲ᠋ᠧᠮ ᠲᠠᠢ ᠲᠥᠯᠥᠪᠵᠢᠭᠦᠯᠵᠦ᠂ ᠨᠢᠭᠡ ᠴᠤᠭᠴᠠᠵᠢᠭᠤᠯᠤᠨ ᠠᠬᠢᠭᠤᠯᠵᠤ᠂ ᠬᠤᠳᠠᠯᠳᠤᠭᠠᠴᠢᠨ ᠤᠷᠢᠬᠤ ᠳᠤᠭᠤᠶᠢᠯᠠᠩ ᠬᠢᠭᠡᠳ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠰᠢᠶᠠᠩ ᠪᠠᠯᠭᠠᠰᠤ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠵᠤ᠂ ᠲᠥᠷᠥᠯ ᠵᠦᠢᠯ ᠤᠨ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠪᠣᠳᠠᠲᠤ ᠴᠣᠭᠴᠠᠵᠢᠭᠤᠯᠤᠨ ᠠᠵᠢᠯᠯᠠᠭᠤᠯᠬᠤ ᠵᠠᠭᠪᠤᠷ ᠢ ᠪᠣᠶ ᠪᠣᠯᠭᠠᠵᠤ᠂ ᠲᠥᠷᠥᠯ ᠵᠦᠢᠯ ᠢ ᠣᠷᠣᠭᠤᠯᠤᠨ ᠠᠪᠴᠢᠷᠠᠵᠤ ᠨᠠᠶᠢᠳᠠᠪᠤᠷᠢᠵᠢᠭᠤᠯᠬᠤ ᠶᠢ ᠲᠦᠷᠭᠡᠳᠬᠡᠪᠡ᠃  ᠬᠤᠶᠠᠷ ᠲᠤ᠂ ᠬᠦᠴᠦᠨ ᠵᠦᠢᠯ ᠤᠨ ᠲᠣᠬᠢᠷᠠᠭᠤᠯᠤᠯᠲᠠ ᠶᠢᠨ ᠲᠣᠭᠲᠠᠴᠠ ᠶᠢ ᠰᠢᠯᠢᠳᠡᠭᠵᠢᠭᠦᠯᠦᠨ᠎ᠡ᠃ ᠲᠥᠷᠥᠯ ᠵᠦᠢᠯ ᠢ ᠣᠷᠣᠭᠤᠯᠤᠨ ᠠᠪᠴᠢᠷᠠᠵᠤ ᠠᠬᠢᠭᠤᠯᠬᠤ ᠶᠠᠪᠤᠴᠠ ᠳᠤ ᠬᠤᠯᠪᠣᠭᠳᠠᠭᠰᠠᠨ ᠭᠠᠵᠠᠷ ᠰᠢᠷᠣᠶ᠂ ᠪᠠᠯᠠ ᠮᠥᠩᠭᠦ᠂ ᠴᠢᠳᠠᠪᠤᠷᠢᠲᠠᠨ᠂ ᠠᠵᠢᠯᠴᠢᠨ ᠬᠡᠷᠡᠭᠯᠡᠬᠦ ᠵᠡᠷᠭᠡ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠡᠬᠢ ᠪᠠᠶᠠᠯᠢᠭ ᠪᠠ ᠲᠥᠷᠥ ᠶᠢᠨ ᠪᠣᠳᠣᠯᠭ᠎ᠠ ᠶᠢᠨ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠬᠦ ᠶᠢ ᠪᠠᠷᠢᠮᠲᠠᠯᠠᠨ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢ 23 ᠵᠤᠷᠪᠤᠰ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ 10 ᠵᠤᠷᠪᠤᠰ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ 14 ᠵᠤᠷᠪᠤᠰ ᠵᠡᠷᠭᠡ ᠠᠯᠢ ᠣᠯᠠᠨ ᠬᠠᠷᠠᠭᠠᠯᠵᠠᠯ ᠤᠨ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ᠂ ᠴᠠᠭ ᠠᠴᠠ ᠬᠡᠲᠦᠷᠡᠭᠦᠯᠦᠨ ᠵᠥᠪᠰᠢᠶᠡᠷᠡᠬᠦ ᠵᠡᠷᠭᠡ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠡᠬᠢ ᠪᠠᠶᠠᠯᠢᠭ ᠢ ᠨᠠᠷᠢᠯᠢᠭ ᠤᠨᠤᠪᠴᠢᠲᠠᠢ ᠪᠠᠷ ᠥᠨᠳᠥᠷ ᠪᠦᠲᠦᠮᠵᠢᠲᠡᠶ ᠪᠠᠷ ᠳᠣᠭᠢᠷᠠᠭᠤᠯᠬᠤ ᠶᠢ ᠪᠡᠶᠡᠯᠡᠭᠦᠯᠦᠨ᠂ ᠴᠢᠬᠤᠯᠠ ᠶᠡᠭᠡ ᠲᠥᠷᠥᠯ ᠵᠦᠢᠯ ᠢ ᠳᠥᠯᠭᠢᠨ ᠠᠬᠢᠭᠤᠯᠬᠤ ᠶᠠᠪᠤᠴᠠ ᠳᠠᠬᠢ ᠬᠦᠴᠢᠷ ᠲᠦᠪᠡᠭᠲᠡᠶ ᠠᠰᠠᠭᠤᠳᠠᠯ ᠢ ᠰᠢᠢᠳᠪᠦᠷᠢᠯᠡᠨ᠎ᠡ   ᠭᠤᠷᠪᠠ ᠳᠤ᠂ ᠮᠥᠷᠳᠡᠨ ᠳᠠᠭᠠᠵᠤ ᠦᠷ᠎ᠡ ᠪᠦᠲᠦᠮᠵᠢ ᠶᠢ ᠠᠰᠠᠭᠤᠬᠤ ᠵᠠᠭᠪᠤᠷ ᠢ ᠰᠢᠯᠢᠳᠡᠭᠵᠢᠭᠦᠯᠪᠡ᠃ ᠭᠡᠷ᠎ᠡ ᠲᠣᠭᠲᠠᠬᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ ᠭᠤᠷᠪᠠᠨ ᠱᠠᠲᠤ ᠦᠶ᠎ᠡ ᠶᠢᠨ ᠲᠣᠭᠤᠷᠢᠨ ᠳᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠥᠬᠦ ᠦᠶᠡᠯᠡᠯ ᠤᠨ ᠬᠤᠭᠤᠴᠠᠭ᠎ᠠ ᠶᠢ ᠦᠷᠭᠦᠯᠵᠢᠯᠡᠨ ᠮᠥᠷᠳᠡᠵᠦ᠂ ᠲᠥᠷᠥᠯ ᠵᠦᠢᠯ ᠢ ᠨᠠᠶᠢᠳᠠᠪᠤᠷᠢᠵᠢᠭᠤᠯᠬᠤ᠂ ᠠᠵᠢᠯ ᠡᠬᠢᠯᠡᠭᠦᠯᠬᠦ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ ᠵᠡᠷᠭᠡ ᠲᠠᠯ᠎ᠠ ᠶᠢᠨ ᠪᠠᠶᠢᠳᠠᠯ ᠳᠤ ᠴᠢᠭᠯᠡᠭᠦᠯᠦᠨ᠂ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮ ᠢ ᠪᠠᠶᠢᠭᠤᠯᠵᠤ᠂ ᠮᠥᠷᠳᠡᠨ ᠦᠨᠡᠯᠡᠬᠦ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠠᠵᠤ ᠠᠬᠤᠶ ᠶᠢᠨ ᠬᠥᠭᠵᠢᠯᠲᠡ ᠶᠢᠨ ᠬᠤᠷᠳᠤᠴᠠ ᠶᠢ ᠳᠡᠭᠡᠭᠰᠢᠯᠡᠭᠦᠯᠦᠨ ᠶᠠᠰᠤ ᠴᠢᠨᠠᠷ ᠢ ᠨᠡᠮᠡᠭᠳᠡᠭᠦᠯᠬᠦ ᠶᠢ ᠠᠬᠢᠭᠤᠯᠪᠠ᠃ ᠣᠳᠣᠬᠠᠨ ᠪᠣᠯᠲᠠᠯ᠎ᠠ᠂ ᠪᠥᠬᠦ ᠬᠤᠰᠢᠭᠤᠨ ᠳᠤ 43 ᠲᠥᠷᠥᠯ ᠵᠦᠢᠯ ᠤᠨ ᠭᠡᠷ᠎ᠡ ᠲᠣᠭᠲᠠᠵᠤ᠂ ᠶᠡᠷᠦᠩᠬᠡᠶ ᠪᠠᠯᠠ ᠣᠷᠣᠭᠤᠯᠤᠯᠲᠠ ᠨᠢ 66.19 ᠳ᠋ᠦᠩᠰᠢᠭᠤᠷ ᠲᠥᠭᠦᠷᠢᠭ ᠲᠤ ᠬᠦᠷᠴᠡᠶ᠃   
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号