ᠬᠠᠷᠠᠴᠢᠨ ᠬᠣᠰᠢᠭᠤ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠵᠦᠶ ᠵᠣᠬᠢᠰᠲᠠᠶ ᠨᠡᠭᠡᠭᠡᠨ ᠠᠰᠢᠭᠯᠠᠬᠤ ᠶᠢ ᠲᠦᠷᠭᠡᠳᠬᠡᠨ᠎ᠡ
ᠨᠡᠶᠢᠲᠡᠯᠡᠭᠰᠡᠨ ᠴᠠᠭ᠄
2024/11/14
ᠬᠠᠷᠠᠴᠢᠨ ᠬᠣᠰᠢᠭᠤ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠵᠦᠶ ᠵᠣᠬᠢᠰᠲᠠᠶ ᠨᠡᠭᠡᠭᠡᠨ ᠠᠰᠢᠭᠯᠠᠬᠤ ᠶᠢ ᠲᠦᠷᠭᠡᠳᠬᠡᠨ᠎ᠡ  ᠤᠢᠷ᠎ᠠ ᠶᠢᠨ ᠡᠳᠦᠷ᠂ ᠮᠠᠨ ᠤ ᠬᠣᠰᠢᠭᠤ ᠬᠠᠶᠢᠯᠤᠭᠤᠷ ᠵᠣᠩᠰᠢ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠦᠷᠢᠶ᠎ᠡ ᠴᠠᠷᠠᠭ᠎ᠠ ᠶᠢᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ ᠂ ᠠᠯᠢ ᠣᠯᠠᠨ ᠬᠦᠴᠦᠲᠡᠶ ᠠᠷᠭ᠎ᠠ ᠬᠡᠮᠵᠢᠶ᠎ᠡ ᠪᠡᠷ ᠳᠠᠮᠵᠢᠭᠤᠯᠤᠨ ᠂ ᠬᠠᠶᠢᠯᠤᠭᠤᠷ ᠵᠣᠩᠰᠢ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ ᠂ ᠠᠵᠤ ᠦᠶᠯᠡᠰ ᠦᠨ ᠲᠠᠰ ᠳᠡᠪᠰᠢᠬᠦ ᠪᠠ ᠦᠷᠭᠦᠯᠵᠢᠯᠡᠨ ᠬᠥᠭᠵᠢᠬᠦ ᠶᠢ ᠶᠡᠬᠡᠪᠡᠷ ᠳᠥᠯᠭᠢᠨ ᠠᠬᠢᠭᠤᠯᠵᠤ ᠂ ᠬᠣᠰᠢᠭᠤᠨ ᠤ ᠠᠵᠤ ᠠᠬᠤᠶ ᠶᠢᠨ ᠬᠥᠭᠵᠢᠯᠲᠡ ᠳᠦ ᠰᠢᠨ᠎ᠡ ᠠᠮᠢᠵᠢᠷᠠᠯ ᠤᠨ ᠬᠦᠴᠦᠨ ᠨᠡᠮᠡᠪᠡ᠃  ᠨᠢᠭᠡ ᠳᠦ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ ᠃ ᠪᠥᠬᠥ ᠬᠣᠰᠢᠭᠤᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠲᠤ ᠪᠥᠬᠥ ᠲᠠᠯ᠎ᠠ ᠶᠢᠨ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠵᠤ ᠂ ᠡᠬᠢ ᠪᠠᠶᠠᠯᠢᠭ ᠤᠨ ᠲᠠᠷᠬᠠᠯᠲᠠ ᠶᠢᠨ ᠨᠠᠷᠢᠨ ᠵᠢᠷᠤᠭ ᠢ ᠵᠢᠷᠤᠨ᠎ᠠ ᠃ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠬᠤ ᠪᠠ ᠲᠣᠭ᠎ᠠ ᠪᠠᠷᠢᠮᠲᠠ ᠶᠢ ᠡᠮᠬᠢᠯᠡᠬᠦ ᠪᠡᠷ ᠳᠡᠮᠵᠢᠨ ᠂ ᠡᠯ᠎ᠡ ᠲᠥᠷᠥᠯ ᠦᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠴᠡᠭ ᠢ ᠨᠡᠶᠢᠲᠡ 160 ᠭᠠᠷᠤᠶ ᠡᠮᠬᠢᠯᠡᠨ ᠭᠠᠷᠭᠠᠵᠤ ᠂ ᠨᠢᠭᠡᠨᠲᠡ ᠪᠠᠶᠢᠴᠠᠭᠠᠨ ᠳᠣᠲᠣᠯᠠᠭᠰᠠᠨ ᠲᠡᠮᠦᠷ ᠦᠨ ᠬᠦᠳᠡᠷ ᠦᠨ ᠬᠠᠳᠠᠭᠠᠯᠠᠭᠳᠠᠴᠠ ᠨᠢ ᠪᠠᠷᠤᠭ 5000 ᠲᠦᠮᠡᠨ ᠲᠣᠨ ᠪᠠᠶᠢᠵᠤ ᠂ ᠥᠩᠭᠡᠷᠡᠭᠰᠡᠨ ᠦ ᠲᠣᠭ᠎ᠠ ᠪᠠᠷᠢᠮᠲᠠ ᠶᠢᠨ ᠨᠠᠷᠢᠯᠢᠭ ᠤᠨ ᠬᠡᠮᠵᠢᠶ᠎ᠡ ᠲᠡᠶ ᠬᠠᠷᠢᠴᠠᠭᠤᠯᠪᠠᠯ 30% ᠪᠡᠷ ᠳᠡᠭᠡᠭᠰᠢᠯᠡᠭᠰᠡᠨ ᠪᠠᠶᠢᠨ᠎ᠠ ᠃  ᠬᠤᠶᠠᠷ ᠲᠤ ᠲᠡᠷᠢᠭᠦᠨ ᠤ ᠮᠡᠷᠭᠡᠵᠢᠯ ᠢ ᠣᠷᠣᠭᠤᠯᠤᠨ ᠠᠪᠴᠢᠷᠠᠵᠤ᠂ ᠨᠡᠭᠡᠭᠡᠨ ᠬᠥᠭᠵᠢᠭᠦᠯᠬᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠤᠯ ᠤᠨ ᠳᠡᠭᠡᠳᠦ ᠰᠤᠷᠭᠠᠭᠤᠯᠢ ᠯᠤᠭ᠎ᠠ ᠶᠢᠨ ᠬᠤᠷᠰᠢᠯᠴᠠᠭ᠎ᠠ ᠪᠠᠨ ᠴᠢᠩᠭᠠᠳᠬᠠᠨ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠴᠢᠳᠠᠪᠤᠷᠢᠲᠠᠨ ᠬᠥᠮᠦᠵᠢᠭᠦᠯᠬᠦ ᠠᠵᠢᠯ ᠢ ᠥᠷᠨᠢᠭᠦᠯᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠳᠦ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ᠡᠭᠦᠨ ᠤ ᠵᠡᠷᠭᠡᠴᠡᠭᠡᠪᠡᠷ᠂ ᠤᠯᠤᠰ ᠤᠨ ᠳᠣᠲᠣᠭᠠᠳᠤ ᠶᠢᠨ ᠲᠡᠷᠢᠭᠦᠨ ᠤ ᠠᠭᠤᠷᠬᠠᠶ ᠮᠠᠯᠲᠠᠬᠤ ᠮᠡᠷᠭᠡᠵᠢᠯ ᠪᠠ ᠲᠥᠬᠦᠭᠡᠷᠦᠮᠵᠢ ᠶᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠪᠠᠨ ᠨᠡᠮᠡᠭᠳᠡᠭᠦᠯᠦᠨ᠂ ᠤᠶᠤᠨᠴᠢᠯᠠᠭᠰᠠᠨ ᠠᠭᠤᠷᠬᠠᠶ ᠮᠠᠯᠲᠠᠬᠤ ᠲᠥᠬᠦᠭᠡᠷᠦᠮᠵᠢ ᠪᠠ ᠲᠤᠭᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠢ ᠣᠷᠣᠭᠤᠯᠤᠨ ᠠᠪᠴᠢᠷᠠᠬᠤ ᠪᠠᠷ ᠳᠠᠮᠵᠢᠭᠤᠯᠤᠨ᠂ ᠬᠦᠳᠡᠷ ᠢ ᠨᠡᠭᠡᠭᠡᠨ ᠮᠠᠯᠲᠠᠵᠤ ᠡᠭᠡᠭᠦᠯᠦᠨ ᠬᠤᠷᠢᠶᠠᠬᠤ ᠨᠤᠷᠮ᠎ᠠ ᠶᠢ 35% ᠪᠠᠷ ᠳᠡᠭᠡᠭᠰᠢᠯᠡᠭᠦᠯᠵᠦ᠂ ᠡᠬᠢ ᠪᠠᠶᠠᠯᠢᠭ ᠢ ᠪᠦᠷᠢᠯᠭᠡᠨ ᠰᠦᠢᠳᠬᠡᠬᠦ ᠦᠵᠡᠭᠳᠡᠯ ᠢ ᠪᠦᠲᠦᠮᠵᠢᠲᠡᠶ ᠪᠠᠷ ᠬᠤᠷᠢᠭᠯᠠᠨ ᠵᠣᠭᠰᠣᠭᠠᠨ᠎ᠠ᠃  ᠭᠤᠷᠪᠠ ᠳᠤ ᠠᠮᠢ ᠠᠬᠤᠶ ᠶᠢᠨ ᠬᠠᠮᠠᠭᠠᠯᠠᠯᠲᠠ ᠶᠢ ᠴᠢᠬᠤᠯᠠᠴᠢᠯᠠᠵᠤ᠂ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠦᠨ᠎ᠡ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠠᠪᠤᠴᠠ ᠳᠤ᠂ ᠠᠮᠢ ᠠᠬᠤᠶ ᠣᠷᠴᠢᠨ ᠠᠬᠤᠶ ᠶᠢᠨ ᠬᠠᠮᠠᠭᠠᠯᠠᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠪᠠ᠃ ᠠᠵᠤ ᠠᠬᠤᠶᠢᠯᠠᠯ ᠢ ︽ᠨᠡᠭᠡᠭᠡᠨ ᠮᠠᠯᠲᠠᠬᠤ ᠶᠢᠨ ᠳᠠᠭᠠᠤ ᠵᠠᠰᠠᠬᠤ︾ ᠵᠠᠷᠴᠢᠮ ᠶᠣᠰᠣᠭᠠᠷ᠂ ᠠᠮᠢ ᠠᠬᠤᠶ ᠶᠢ ᠰᠡᠷᠭᠦᠭᠡᠬᠦ ᠨᠠᠷᠢᠨ ᠲᠥᠰᠦᠯ ᠢ ᠲᠣᠭᠲᠠᠭᠠᠬᠤ ᠶᠢ ᠱᠠᠭᠠᠷᠳᠠᠪᠠ᠃ ᠡᠭᠦᠨ ᠤ ᠵᠡᠷᠭᠡᠴᠡᠭᠡᠪᠡᠷ᠂ ᠠᠭᠤᠷᠬᠠᠶ ᠶᠢᠨ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠠᠮᠢ ᠠᠬᠤᠶ ᠶᠢᠨ ᠣᠷᠴᠢᠨ ᠣᠲᠣ ᠪᠣᠯᠲᠠᠯ᠎ᠠ᠂ ᠠᠮᠢ ᠠᠬᠤᠶ ᠶᠢᠨ ᠰᠡᠷᠭᠦᠭᠡᠯᠲᠡ ᠶᠢᠨ ᠪᠠᠯᠠ ᠮᠥᠩᠭᠦ ᠶᠢ ᠨᠡᠶᠢᠲᠡ 2000 ᠲᠦᠮᠡᠨ ᠲᠥᠭᠦᠷᠢᠭ ᠣᠷᠣᠭᠤᠯᠵᠤ᠂ ᠠᠭᠤᠷᠬᠠᠶ ᠶᠢᠨ ᠣᠷᠣᠨ ᠤ ᠠᠮᠢ ᠠᠬᠤᠶ ᠶᠢᠨ ᠰᠡᠷᠭᠦᠭᠡᠯᠲᠡ ᠶᠢ 150 ᠾᠧᠺᠲ᠋ᠠᠷ ᠪᠡᠶᠡᠯᠡᠭᠦᠯᠵᠡᠶ᠃      
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号