ᠡᠨᠡ ᠵᠢᠯ ᠤᠨ ᠡᠬᠢᠨ ᠳᠤ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ︽ᠤᠯᠠᠭᠠᠨᠬᠠᠳᠠ | ᠬᠤᠲᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠬᠠᠭᠤᠳᠠᠰᠤ︾ ᠶᠢ ᠨᠡᠶᠢᠲᠡᠯᠡᠵᠦ᠂ | ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠤᠯᠠᠭᠠᠨᠬᠠᠳᠠ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ᠤᠯᠠᠭᠠᠨᠬᠠᠳᠠ ᠬᠤᠲᠠ ᠶᠢᠨ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠬᠠᠭᠤᠳᠠᠰᠤ﹀ ᠶᠢ ᠨᠡᠶᠢᠲᠡᠯᠡᠬᠦ ᠲᠤᠬᠠᠶ ᠮᠡᠳᠡᠭᠳᠡᠯ︾ ᠤᠨ | ᠱᠠᠭᠠᠷᠳᠠᠯᠭ᠎ᠠ ᠶᠢ ᠦᠨᠳᠦᠰᠦᠯᠡᠨ᠂ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠨᠢ ᠬᠠᠷᠠᠭᠠᠯᠵᠠᠭᠰᠠᠨ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠬᠠᠭᠤᠳᠠᠰᠤ ᠶᠢ ᠲᠣᠭᠲᠠᠭᠠᠵᠤ᠂ ᠤᠯᠠᠨ ᠳᠤ | ᠨᠡᠶᠢᠲᠡᠯᠡᠪᠡ᠃ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠤᠰᠢᠭᠤᠨ ᠤ ᠵᠠᠰᠠᠭ ᠤᠨ ᠣᠷᠳᠣᠨ ᠤ | ᠤᠳᠤᠷᠢᠳᠤᠯᠭ᠎ᠠ ᠶᠢᠨ ᠴᠣᠬᠤᠯᠠᠪᠤᠷᠢ ᠶᠢᠨ ᠱᠠᠭᠠᠷᠳᠠᠯᠭ᠎ᠠ ᠶᠣᠰᠣᠭᠠᠷ᠂ ᠬᠤᠲᠠ ᠶᠢᠨ ᠦᠢᠯᠡᠴᠢᠯᠡᠭᠡᠨ ᠤ ᠨᠠᠷᠢᠨ | ᠬᠠᠭᠤᠳᠠᠰᠤ ᠶᠢᠨ ᠠᠭᠤᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠲᠣᠰ ᠭᠠᠵᠠᠷ ᠤᠨ ᠪᠣᠳᠠᠲᠠᠶ ᠲᠠᠢ ᠪᠠᠨ | ᠤᠶᠠᠯᠳᠤᠭᠤᠯᠤᠨ᠂ ᠨᠠᠰᠤᠵᠢᠯ ᠤᠨ ᠦᠢᠯᠡᠴᠢᠯᠡᠭᠡ ᠳᠤ ᠬᠤᠯᠪᠣᠭᠳᠠᠬᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠢ | ᠲᠦᠷᠦᠭᠦᠯᠡᠨ ᠵᠣᠬᠢᠴᠠᠭᠤᠯᠵᠤ᠂ ︽ᠬᠠᠷᠠᠴᠢᠨ ᠬᠤᠰᠢᠭᠤᠨ ᠤ ᠨᠠᠰᠤᠵᠢᠯ ᠤᠨ ᠦᠨᠳᠦᠰᠦᠨ ᠦᠢᠯᠡᠴᠢᠯᠡᠭᠡᠨ ᠤ ᠨᠠᠷᠢᠨ | ᠬᠠᠭᠤᠳᠠᠰᠤ︾ ︵ᠲᠥᠰᠦᠯ︶ ᠶᠢ ᠲᠤᠭᠤᠷᠪᠢᠪᠠ᠃ ᠡᠳᠦᠭᠡ ᠦᠢᠯᠡᠴᠢᠯᠡᠭᠡᠨ ᠤ ᠨᠠᠷᠢᠨ ᠬᠠᠭᠤᠳᠠᠰᠤ ᠶᠢᠨ | ᠲᠥᠰᠦᠯ ᠳᠤ ᠳᠣᠤᠷᠠᠬᠢ ᠮᠡᠲᠦ ᠲᠣᠳᠣᠷᠬᠠᠶᠢᠯᠠᠯᠲᠠ ᠬᠢᠶ᠎ᠡ᠄ | ᠨᠢᠭᠡ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡᠨ ᠤ ᠨᠠᠷᠢᠨ ᠬᠠᠭᠤᠳᠠᠰᠤ ᠶᠢ ᠲᠣᠭᠲᠠᠭᠠᠬᠤ | ᠵᠠᠷᠴᠢᠮ᠃ | 1. ᠬᠠᠭᠤᠳᠠᠰᠤ ᠶᠣᠰᠣᠭᠠᠷ ᠪᠦᠬᠦᠨ ᠢ ᠬᠤᠷᠢᠶᠠᠬᠤ ᠵᠠᠷᠴᠢᠮ᠃ ᠤᠯᠠᠭᠠᠨᠬᠠᠳᠠ ᠬᠤᠲᠠ ᠶᠢᠨ ᠨᠠᠰᠤᠵᠢᠯ ᠤᠨ | ᠠᠰᠠᠷᠠᠮᠵᠢ ᠶᠢᠨ ᠦᠨᠳᠦᠰᠦᠨ ᠦᠢᠯᠡᠴᠢᠯᠡᠭᠡᠨ ᠤ ᠨᠠᠷᠢᠨ ᠬᠠᠭᠤᠳᠠᠰᠤ ᠪᠣᠯ ᠪᠥᠬᠦ ᠬᠤᠲᠠ ᠳᠤ ᠬᠠᠨᠳᠤᠭᠤᠯᠤᠭᠰᠠᠨ | ᠶᠤᠮ᠂ ᠲᠡᠭᠦᠨ ᠤ ᠨᠠᠷᠢᠨ ᠬᠠᠭᠤᠳᠠᠰᠤ ᠳᠤ ᠪᠠᠭᠲᠠᠭᠠᠭᠰᠠᠨ ᠠᠭᠤᠯᠭ᠎ᠠ ᠶᠣᠰᠣᠭᠠᠷ ᠪᠦᠬᠦᠨ ᠢ ᠬᠤᠷᠢᠶᠠᠬᠤ ᠬᠡᠷᠡᠭᠲᠡᠶ᠂ | ᠡᠶᠢᠮᠦ ᠠᠴᠠ ᠮᠠᠨ ᠤ ᠬᠤᠰᠢᠭᠤᠨ ᠤ ᠦᠢᠯᠡᠴᠢᠯᠡᠭᠡᠨ ᠤ ᠨᠠᠷᠢᠨ ᠬᠠᠭᠤᠳᠠᠰᠤ ᠳᠤ ᠡᠷᠬᠡᠪᠰᠢ ᠬᠤᠲᠠ ᠶᠢᠨ ᠲᠠᠰ ᠤᠨ | ᠨᠠᠷᠢᠨ ᠬᠠᠭᠤᠳᠠᠰᠤ ᠶᠢᠨ ᠪᠥᠬᠦ ᠠᠭᠤᠯᠭ᠎ᠠ ᠶᠢ ᠪᠠᠭᠲᠠᠭᠠᠬᠤ ᠬᠡᠷᠡᠭᠲᠡᠶ᠃ | 2. ᠪᠣᠳᠠᠲᠤ ᠪᠠᠶᠢᠳᠠᠯ ᠳᠤ ᠨᠡᠶᠢᠴᠡᠭᠦᠯᠬᠦ᠂ ᠭᠦᠢᠴᠡᠳ ᠴᠢᠬᠤᠯᠠ ᠪᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ | ᠵᠠᠷᠴᠢᠮ᠃ ᠪᠣᠳᠠᠲᠤ ᠪᠠᠶᠢᠳᠠᠯ ᠳᠤ ᠨᠡᠶᠢᠴᠡᠬᠦ ᠪᠣᠯ ᠳᠠᠷᠤᠶ ᠨᠠᠷᠢᠨ ᠬᠠᠭᠤᠳᠠᠰᠤ ᠶᠢᠨ ᠠᠭᠤᠯᠭ᠎ᠠ ᠨᠢ ᠣᠳᠣᠬᠠᠨ ᠤ | ᠮᠠᠨ ᠤ ᠬᠤᠰᠢᠭᠤᠨ ᠤ ᠪᠦᠬᠦ ᠨᠠᠰᠤᠲᠠᠶᠢᠴᠤᠳ ᠤᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠵᠦ᠂ | ᠣᠳᠣᠬᠠᠨ ᠤ ᠣᠷᠣᠰᠢᠵᠤ ᠪᠠᠶᠢᠭ᠎ᠠ ᠨᠠᠰᠤᠵᠢᠯ ᠤᠨ ᠠᠰᠠᠭᠤᠳᠠᠯ ᠢ ᠰᠢᠢᠳᠪᠦᠷᠢᠯᠡᠵᠦ ᠳᠡᠶᠢᠯᠬᠦ ᠶᠠᠪᠤᠳᠠᠯ ᠪᠣᠯᠤᠨ᠎ᠠ᠃ | 3. ᠬᠠᠤᠯᠢ ᠲᠣᠭᠲᠠᠭᠠᠯ ᠳᠤ ᠨᠡᠶᠢᠴᠡᠬᠦ ᠵᠠᠷᠴᠢᠮ᠃ ᠨᠠᠷᠢᠨ ᠬᠠᠭᠤᠳᠠᠰᠤ ᠶᠢᠨ ᠠᠭᠤᠯᠭ᠎ᠠ ᠨᠢ ᠡᠷᠬᠡᠪᠰᠢ ᠣᠲᠣ ᠶᠢᠨ | ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ᠂ ᠲᠦᠷᠢᠮ ᠲᠣᠭᠲᠠᠭᠠᠯ᠂ ᠲᠦᠷᠢᠮ ᠲᠠᠢ ᠨᠡᠶᠢᠴᠡᠭᠰᠡᠨ ᠪᠠᠶᠢᠬᠤ ᠬᠡᠷᠡᠭᠲᠡᠶ᠂ | ᠨᠠᠷᠢᠨ ᠬᠠᠭᠤᠳᠠᠰᠤ ᠶᠢ ᠨᠡᠶᠢᠲᠡᠯᠡᠭᠰᠡᠨ ᠶᠠᠪᠤᠳᠠᠯ ᠪᠣᠯ ᠣᠲᠣ ᠶᠢᠨ ᠬᠡᠷᠡᠭᠵᠢᠭᠦᠯᠵᠦ ᠪᠠᠶᠢᠭ᠎ᠠ ᠲᠦᠷᠢᠮ ᠤᠨ ᠳᠣᠤᠷ᠎ᠠ᠂ | ᠡᠯ᠎ᠡ ᠰᠠᠯᠠᠭ᠎ᠠ ᠮᠥᠴᠢᠷ ᠡᠯ᠎ᠡ ᠬᠦᠷᠢᠶᠡᠨ ᠳᠤ ᠲᠠᠷᠠᠬᠠᠶ ᠣᠷᠣᠰᠢᠵᠤ ᠪᠠᠶᠢᠭ᠎ᠠ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠬᠠᠮᠢᠶ᠎ᠠ ᠪᠥᠬᠦᠶ ᠠᠭᠤᠯᠭ᠎ᠠ ᠶᠢ ᠡᠮᠬᠢᠯᠡᠬᠦ ᠪᠠ ᠬᠤᠷᠢᠶᠠᠩᠭᠤᠶᠢᠯᠠᠬᠤ ᠠᠴᠠ ᠪᠢᠰᠢ ᠬᠠᠮᠢᠶ᠎ᠠ ᠪᠥᠬᠦᠶ | ᠦᠢᠯᠡᠴᠢᠯᠡᠭᠡᠨ ᠤ ᠲᠦᠷᠢᠮ ᠪᠠ ᠦᠢᠯᠡᠴᠢᠯᠡᠭᠡᠨ ᠤ ᠲᠠᠰ ᠳᠠᠷᠠᠭᠠᠯᠠᠯ ᠢ ᠰᠢᠨ᠎ᠡ ᠪᠠᠷ ᠲᠣᠭᠲᠠᠭᠠᠭᠰᠠᠨ ᠶᠠᠪᠤᠳᠠᠯ ᠪᠢᠰᠢ | ᠶᠤᠮ᠃ ᠡᠭᠦᠨ ᠤ ᠵᠣᠷᠢᠯᠭ᠎ᠠ ᠨᠢ ᠨᠠᠷᠢᠨ ᠬᠠᠭᠤᠳᠠᠰᠤ ᠶᠢ ᠨᠡᠶᠢᠲᠡᠯᠡᠬᠦ ᠪᠠᠷ ᠳᠠᠮᠵᠢᠭᠤᠯᠤᠨ᠂ ᠣᠯᠠᠨ ᠲᠦᠮᠡᠨ ᠳᠤ ᠡᠯ᠎ᠡ | ᠵᠦᠢᠯ ᠤᠨ ᠦᠢᠯᠡᠴᠢᠯᠡᠭᠡᠨ ᠤ ᠠᠭᠤᠯᠭ᠎ᠠ ᠶᠢ ᠣᠶᠢᠯᠠᠭᠠᠭᠤᠯᠬᠤ ᠶᠢᠨ ᠲᠥᠯᠥᠭᠡ ᠶᠤᠮ᠃ | 4. ᠣᠳᠣᠬᠢ ᠪᠠᠶᠢᠳᠠᠯ ᠳᠤ ᠰᠠᠭᠤᠷᠢᠯᠠᠵᠤ᠂ ᠠᠯᠤᠰ ᠬᠡᠲᠦ ᠶᠢ ᠬᠠᠮᠲᠤ ᠳᠤ ᠨᠢ ᠬᠠᠷᠠᠭᠠᠯᠵᠠᠬᠤ ᠵᠠᠷᠴᠢᠮ᠃ ᠲᠣᠰ | ᠤᠳᠠᠭᠠᠨ ᠤ ᠨᠡᠶᠢᠲᠡᠯᠡᠭᠰᠡᠨ ᠨᠠᠷᠢᠨ ᠬᠠᠭᠤᠳᠠᠰᠤ ᠶᠢᠨ ᠠᠭᠤᠯᠭ᠎ᠠ ᠨᠢ ᠦᠨᠳᠦᠰᠦᠨ ᠳᠡᠭᠡᠨ ᠡᠯ᠎ᠡ ᠰᠠᠯᠠᠭ᠎ᠠ ᠮᠥᠴᠢᠷ ᠤᠨ | ᠨᠢᠭᠡᠨᠲᠡ ᠨᠠᠶᠢᠳᠠᠪᠤᠷᠢᠵᠢᠭᠤᠯᠤᠭᠰᠠᠨ ᠠᠵᠢᠯ ᠪᠣᠯᠤᠨ᠎ᠠ᠂ ᠡᠯ᠎ᠡ ᠰᠠᠯᠠᠭ᠎ᠠ ᠮᠥᠴᠢᠷ ᠤᠨ ᠶᠠᠭ ᠢᠳᠡᠪᠬᠢᠲᠡᠶ ᠠᠬᠢᠭᠤᠯᠵᠤ | ᠪᠠᠶᠢᠭ᠎ᠠ ᠣᠬᠤᠷ ᠬᠤᠭᠤᠴᠠᠭᠠᠨ ᠳᠤ ᠥᠯᠥ ᠲᠣᠭᠲᠠᠭᠠᠵᠤ ᠪᠡᠶᠡᠯᠡᠭᠦᠯᠵᠦ ᠳᠡᠶᠢᠯᠬᠦ ᠦᠢᠯᠡᠴᠢᠯᠡᠭᠡᠨ ᠤ ᠠᠭᠤᠯᠭ᠎ᠠ ᠶᠢ | ᠣᠷᠣᠭᠤᠯᠤᠭᠰᠠᠨ ᠥᠬᠡᠶ᠃ | ᠬᠤᠶᠠᠷ᠂ ᠲᠣᠰ ᠤᠳᠠᠭᠠᠨ ᠤ ᠨᠡᠶᠢᠲᠡᠯᠡᠭᠰᠡᠨ ᠦᠢᠯᠡᠴᠢᠯᠡᠭᠡᠨ ᠤ ᠨᠠᠷᠢᠨ ᠬᠠᠭᠤᠳᠠᠰᠤ ᠶᠢᠨ ᠦᠨᠳᠦᠰᠦᠨ ᠠᠭᠤᠯᠭ᠎ᠠ᠃ | | ᠲᠣᠰ ᠤᠳᠠᠭᠠᠨ ᠤ ᠨᠡᠶᠢᠲᠡᠯᠡᠭᠰᠡᠨ ᠨᠠᠷᠢᠨ ᠬᠠᠭᠤᠳᠠᠰᠤ ᠳᠤ ᠦᠢᠯᠡᠴᠢᠯᠡᠭᠡᠨ ᠤ ᠲᠥᠷᠥᠯ ᠵᠦᠢᠯ ᠨᠡᠶᠢᠲᠡ 28 | ᠪᠠᠶᠢᠵᠤ᠂ ᠬᠥᠮᠦᠨ ᠤ ᠬᠦᠴᠦᠨ ᠤ ᠡᠬᠢ ᠪᠠᠶᠠᠯᠢᠭ᠂ ᠠᠷᠠᠳ ᠤᠨ ᠶᠠᠪᠤᠳᠠᠯ᠂ ᠴᠡᠷᠢᠭ ᠠᠴᠠ ᠬᠠᠯᠠᠭᠳᠠᠭᠰᠠᠳ᠂ | ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠣᠶᠣᠯ ᠵᠢᠭᠤᠯᠴᠢᠯᠠᠯ᠂ ᠵᠠᠮ ᠬᠠᠷᠢᠯᠴᠠᠭ᠎ᠠ᠂ ᠬᠠᠤᠯᠢ ᠴᠠᠭᠠᠵᠠ᠂ ᠡᠳ᠋ ᠤᠨ | ᠵᠠᠰᠠᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ | ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠲᠤ ᠬᠤᠯᠪᠤᠭᠳᠠᠪᠠ᠃ | 1. ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ | ᠬᠤᠯᠪᠣᠭᠳᠠᠬᠤ ᠲᠥᠷᠥᠯ ᠵᠦᠢᠯ 4 ᠪᠣᠶ᠂ ᠡᠭᠦᠨ ᠳᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ | ᠨᠠᠰᠤᠵᠢᠯ ᠤᠨ ᠳᠠᠭᠠᠳᠬᠠᠯ ᠤᠨ ᠬᠠᠷᠠᠭᠠᠯᠵᠠᠯ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠦᠨᠳᠦᠰᠦᠨ | ᠨᠠᠰᠤᠵᠢᠯ ᠤᠨ ᠳᠠᠭᠠᠳᠬᠠᠯ ᠤᠨ ᠣᠯᠭᠤᠮᠵᠢ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠨᠠᠰᠤᠵᠢᠯ ᠤᠨ ᠳᠠᠭᠠᠳᠬᠠᠯ ᠤᠨ ᠬᠠᠷᠠᠭᠠᠯᠵᠠᠯ ᠵᠡᠷᠭᠡ 3 ᠵᠦᠢᠯ ᠤᠨ ᠠᠭᠤᠯᠭ᠎ᠠ ᠶᠢ ᠨᠢᠭᠡᠨᠲᠡ ᠣᠯᠠᠨ ᠵᠢᠯ | ᠬᠡᠷᠡᠭᠵᠢᠭᠦᠯᠪᠡ᠃ 2. ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠲᠥᠷᠥᠯ ᠵᠦᠢᠯ᠂ ᠨᠠᠰᠤᠲᠠᠶᠢᠴᠤᠳ ᠤᠨ | ᠴᠢᠳᠠᠪᠤᠷᠢ ᠶᠢ ᠶᠡᠷᠦᠩᠬᠡᠶᠢᠯᠡᠨ ᠦᠨᠡᠯᠡᠨ ᠵᠢᠱᠢᠬᠦ ᠲᠥᠷᠥᠯ ᠵᠦᠢᠯ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ ︽ | ᠤᠯᠤᠰ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠮᠵᠢᠶ᠎ᠠ ︵2021 ᠣᠨ ᠤ ᠬᠡᠪᠯᠡᠯ︶︾ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ | ᠬᠡᠷᠡᠭᠵᠢᠭᠦᠯᠬᠦ ᠪᠠᠷᠢᠮᠵᠢᠶ᠎ᠠ ︽2021 ᠣᠨ ᠤ ᠬᠡᠪᠯᠡᠯ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠰᠤᠵᠢᠯ ᠤᠨ ᠦᠢᠯᠡᠴᠢᠯᠡᠭᠡᠨ ᠤ ᠲᠦᠷᠢᠮ︾ ᠦᠢᠯᠡᠴᠢᠯᠡᠭᠡᠨ ᠤ ᠡᠲᠡᠭᠡᠳ 65 ᠨᠠᠰᠤᠨ ᠠᠴᠠ ᠳᠡᠭᠡᠭᠰᠢᠬᠢ | ᠨᠠᠰᠤᠲᠠᠶᠢᠴᠤᠳ ᠪᠠᠶᠢᠵᠤ᠂ ᠦᠢᠯᠡᠴᠢᠯᠡᠭᠡᠨ ᠤ ᠠᠭᠤᠯᠭ᠎ᠠ ᠪᠠ ᠪᠠᠷᠢᠮᠵᠢᠶ᠎ᠠ ᠪᠣᠯ 65 ᠨᠠᠰᠤᠨ ᠠᠴᠠ ᠳᠡᠭᠡᠭᠰᠢᠬᠢ | ᠨᠠᠰᠤᠲᠠᠶᠢᠴᠤᠳ ᠲᠤ ᠴᠢᠳᠠᠪᠤᠷᠢ ᠶᠢᠨ ᠶᠡᠷᠦᠩᠬᠡᠶᠢᠯᠡᠭᠰᠡᠨ ᠦᠨᠡᠯᠡᠨ ᠵᠢᠱᠢᠯᠲᠡ ᠪᠣᠯᠤᠨ᠎ᠠ᠃ 3. ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠬᠤᠯᠪᠤᠭᠳᠠᠬᠤ ᠲᠦᠷᠦᠯ ᠵᠦᠢᠯ 2 | ᠪᠤᠢ᠂ ᠬᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠳᠡᠮᠵᠢᠯᠭᠡ ᠶᠢᠨ ᠦᠢᠯᠡᠴᠢᠯᠡᠭᠡ ᠳᠤ ᠬᠤᠯᠪᠣᠭᠳᠠᠨ᠎ᠠ᠂ | ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠪᠣᠯ ᠲᠥᠪ ᠲᠠᠷᠬᠠᠭᠠᠭᠰᠠᠨ ﹇2021﹈ 42 ᠳ᠋ᠤᠭᠠᠷ ᠲᠣᠭᠠᠲᠤ | ᠪᠢᠴᠢᠭ ᠮᠠᠲ᠋ᠧᠷᠢᠶᠠᠯ ᠪᠠᠶᠢᠵᠤ᠂ ᠦᠢᠯᠡᠴᠢᠯᠡᠬᠦ ᠡᠲᠡᠭᠡᠳ ᠨᠢ ᠠᠮᠢᠳᠤᠷᠠᠯ ᠢᠶᠠᠨ ᠥᠪᠡᠷ ᠢᠶᠠᠨ ᠠᠷᠭᠠᠴᠠᠵᠤ ᠳᠡᠶᠢᠯᠬᠦ | ᠥᠬᠡᠶ ᠭᠡᠵᠦ ᠮᠠᠭᠠᠳᠯᠠᠨ ᠲᠣᠭᠲᠠᠭᠠᠭᠰᠠᠨ ᠠᠵᠤ ᠠᠬᠤᠶ ᠨᠢ ᠬᠦᠴᠢᠷᠳᠡᠯᠲᠡᠶ ᠨᠠᠰᠤᠲᠠᠶᠢᠴᠤᠳ ᠮᠥᠨ᠂ | ᠦᠢᠯᠡᠴᠢᠯᠡᠭᠡᠨ ᠤ ᠠᠭᠤᠯᠭ᠎ᠠ ᠵᠢᠴᠢ ᠪᠠᠷᠢᠮᠵᠢᠶ᠎ᠠ ᠪᠣᠯ ᠨᠥᠬᠦᠴᠡᠯ ᠳᠤ ᠨᠡᠶᠢᠴᠡᠬᠦ ᠴᠢᠳᠠᠪᠤᠷᠢ ᠪᠠᠨ ᠠᠯᠳᠠᠭᠰᠠᠨ | ᠨᠠᠰᠤᠲᠠᠶᠢᠴᠤᠳ ᠤᠨ ᠬᠡᠷ ᠪᠦᠯᠢ ᠶᠢᠨ ᠪᠦᠷᠢᠯᠳᠦᠬᠦᠨ ᠤ ᠬᠠᠷᠠᠭᠠᠯᠵᠠᠨ ᠠᠰᠠᠷᠠᠬᠤ ᠪᠣᠯᠪᠠᠰᠤᠷᠠᠭᠤᠯᠤᠯ ᠵᠡᠷᠭᠡ ᠬᠠᠮᠢᠶ᠎ᠠ | ᠪᠥᠬᠦᠶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠳᠤ ᠣᠷᠣᠯᠴᠠᠭᠰᠠᠨ ᠪᠠᠶᠢᠪᠠᠯ᠂ ᠲᠣᠭᠲᠠᠭᠠᠯ | ᠶᠣᠰᠣᠭᠠᠷ ᠨᠥᠬᠦᠪᠥᠷᠢ ᠣᠯᠭᠤᠨ᠎ᠠ᠃ 4. ᠡᠷᠡᠭᠦᠯ ᠬᠠᠮᠠᠭᠠᠯᠠᠯ ᠡᠷᠡᠭᠦᠯ ᠮᠡᠨᠳᠦ ᠳᠤ ᠬᠤᠯᠪᠣᠭᠳᠠᠭᠰᠠᠨ ᠲᠦᠷᠦᠯ ᠵᠦᠢᠯ | 3 ᠪᠠᠶᠢᠵᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠪᠠᠶᠢᠭᠤᠯᠤᠮᠵᠢ ᠶᠢᠨ ᠨᠠᠰᠤᠵᠢᠯ ᠤᠨ | ᠠᠰᠠᠷᠠᠮᠵᠢ᠂ ᠣᠨᠴᠠᠭᠠᠶ ᠲᠡᠳᠬᠦᠮᠵᠢ ᠶᠢᠨ ᠮᠥᠩᠭᠦ ᠶᠢ ᠤᠷᠢᠳᠠᠪᠠᠷ ᠭᠥᠷᠳᠡᠪᠡ᠂ ᠡᠨᠡ ᠭᠤᠷᠪᠠᠨ ᠵᠦᠢᠯ ᠢ ᠨᠢᠭᠡᠨᠲᠡ | ᠣᠯᠠᠨ ᠵᠢᠯ ᠨᠠᠶᠢᠳᠠᠪᠤᠷᠢᠵᠢᠭᠤᠯᠵᠤ᠂ ᠳᠠᠬᠢᠨ ᠲᠣᠭᠠᠴᠢᠬᠤ ᠥᠬᠡᠶ᠃ 5. ᠰᠣᠶᠣᠯ ᠵᠢᠭᠤᠯᠴᠢᠯᠠᠯ ᠤᠨ ᠲᠣᠪᠴᠢᠶ᠎ᠠ | ᠬᠤᠯᠪᠤᠭᠳᠠᠭᠰᠠᠨ ᠲᠦᠷᠦᠯ ᠵᠦᠢᠯ 1 ᠪᠤᠢ᠂ ᠨᠠᠰᠤᠲᠠᠶᠢᠴᠤᠳ ᠤᠨ ᠵᠢᠭᠤᠯᠴᠢᠯᠠᠯ ᠰᠡᠯᠡᠭᠦᠴᠡᠯ ᠤᠨ ᠰᠣᠶᠣᠯ ᠤᠨ | ᠠᠵᠢᠯᠯᠠᠭ᠎ᠠ ᠶᠢᠨ ᠬᠠᠷᠠᠭᠠᠯᠵᠠᠯ ᠳᠤ ᠬᠤᠯᠪᠣᠭᠳᠠᠨ᠎ᠠ᠂ ᠡᠨᠡ ᠬᠦ ᠵᠦᠢᠯ ᠢ ᠨᠢᠭᠡᠨᠲᠡ ᠣᠯᠠᠨ ᠵᠢᠯ ᠬᠡᠷᠡᠭᠵᠢᠭᠦᠯᠪᠡ᠃ 6. | ᠵᠠᠮ ᠬᠠᠷᠢᠯᠴᠠᠭᠠᠨ ᠤ ᠲᠣᠪᠴᠢᠶ᠎ᠠ ᠳᠤ ᠬᠤᠯᠪᠤᠭᠳᠠᠬᠤ ᠲᠦᠷᠦᠯ ᠵᠦᠢᠯ 1 ᠪᠤᠢ᠂ ᠨᠠᠰᠤᠲᠠᠶᠢᠴᠤᠳ ᠤᠨ ᠵᠠᠮ | ᠬᠠᠷᠢᠯᠴᠠᠭᠠᠨ ᠤ ᠬᠠᠷᠠᠭᠠᠯᠵᠠᠯ ᠳᠤ ᠬᠤᠯᠪᠣᠭᠳᠠᠨ᠎ᠠ᠂ ᠡᠨᠡ ᠬᠦ ᠵᠦᠢᠯ ᠢ ᠨᠢᠭᠡᠨᠲᠡ ᠣᠯᠠᠨ ᠵᠢᠯ ᠬᠡᠷᠡᠭᠵᠢᠭᠦᠯᠪᠡ᠃ 7᠂ | ᠬᠠᠤᠯᠢ ᠴᠠᠭᠠᠵᠠ ᠶᠢᠨ ᠲᠣᠪᠴᠢᠶ᠎ᠠ ᠳᠤ ᠬᠤᠯᠪᠤᠭᠳᠠᠬᠤ ᠲᠦᠷᠦᠯ ᠵᠦᠢᠯ 2 ᠪᠤᠢ᠂ ᠬᠦᠴᠢᠷᠳᠡᠯᠲᠡᠶ | ᠨᠠᠰᠤᠲᠠᠶᠢᠴᠤᠳ ᠤᠨ ᠬᠠᠤᠯᠢ ᠴᠠᠭᠠᠵᠠ ᠶᠢᠨ ᠲᠤᠰᠠᠯᠠᠮᠵᠢ᠂ ᠨᠠᠰᠤᠲᠠᠶᠢᠴᠤᠳ ᠤᠨ ᠠᠯᠪᠠᠨ ᠭᠡᠷᠡᠴᠢᠯᠡᠭᠡ ᠶᠢᠨ | ᠦᠢᠯᠡᠴᠢᠯᠡᠭᠡ ᠳᠤ ᠬᠤᠯᠪᠤᠭᠳᠠᠨ᠎ᠠ᠂ ᠲᠣᠰ ᠵᠦᠢᠯᠡᠰ ᠢ ᠨᠢᠭᠡᠨᠲᠡ ᠣᠯᠠᠨ ᠵᠢᠯ ᠨᠠᠶᠢᠳᠠᠪᠤᠷᠢᠵᠢᠭᠤᠯᠪᠠ᠃ 8. | ᠡᠳ᠋ ᠤᠨ ᠵᠠᠰᠠᠭ ᠤᠨ ᠲᠣᠪᠴᠢᠶ᠎ᠠ ᠳᠤ ᠬᠤᠯᠪᠣᠭᠳᠠᠬᠤ ᠲᠦᠷᠦᠯ ᠵᠦᠢᠯ 1 ᠪᠤᠢ ᠂ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠨᠥᠬᠦᠪᠥᠷᠢ ᠶᠢ ᠨᠢᠭᠡᠨᠲᠡ ᠨᠠᠶᠢᠳᠠᠪᠤᠷᠢᠵᠢᠭᠤᠯᠪᠠ᠃ 9. ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠤ ᠬᠤᠯᠪᠣᠭᠳᠠᠬᠤ ᠲᠦᠷᠦᠯ ᠵᠦᠢᠯ 1 ᠪᠤᠢ᠂ ᠨᠡᠶᠢᠭᠡᠮ | ᠲᠣᠭᠤᠷᠢᠭ ᠤᠨ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠪᠡᠯᠡᠳᠬᠡᠮᠵᠢ ᠶᠢ | ᠲᠣᠬᠢᠷᠠᠭᠤᠯᠤᠨ ᠪᠠᠶᠢᠭᠤᠯᠬᠤ ᠲᠥᠷᠥ ᠶᠢᠨ ᠪᠣᠳᠣᠯᠭ᠎ᠠ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠷᠢᠮ︾ ᠢ ᠦᠨᠳᠦᠰᠦᠯᠡᠪᠡ᠃ 10᠂ ᠭᠠᠶᠢᠯᠢ ᠶᠢᠨ | ᠶᠠᠪᠤᠳᠠᠯ ᠤᠨ ᠲᠣᠪᠴᠢᠶ᠎ᠠ ᠳᠤ ᠬᠤᠯᠪᠤᠭᠳᠠᠬᠤ ᠲᠦᠷᠦᠯ ᠵᠦᠢᠯ 1 ᠪᠤᠢ ᠂ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠦᠭᠰᠡᠨ ᠡᠨᠡ ᠬᠦ ᠵᠦᠢᠯ ᠢ ᠨᠢᠭᠡᠨᠲᠡ ᠬᠡᠷᠡᠭᠵᠢᠭᠦᠯᠪᠡ | ᠃ | ᠳᠡᠭᠡᠷᠡᠬᠢ 28 ᠵᠦᠢᠯ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠭᠤᠯᠭ᠎ᠠ ᠳᠤ᠂ ᠨᠡᠶᠢᠭᠡᠮ | ᠲᠣᠭᠤᠷᠢᠭ ᠤᠨ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠪᠡᠯᠡᠳᠬᠡᠮᠵᠢ ᠶᠢ | ᠳᠣᠭᠢᠷᠠᠭᠤᠯᠤᠨ ᠪᠠᠶᠢᠭᠤᠯᠬᠤ ᠲᠥᠷᠥᠯ ᠵᠦᠢᠯ ᠠᠴᠠ ᠭᠠᠳᠠᠨ᠎ᠠ᠂ ᠴᠥᠮ ᠨᠢᠭᠡᠨᠲᠡ ᠬᠡᠷᠡᠭᠵᠢᠭᠦᠯᠦᠭᠰᠡᠨ ᠪᠤᠶᠤ | ᠨᠠᠶᠢᠳᠠᠪᠤᠷᠢᠵᠢᠭᠤᠯᠤᠭᠰᠠᠨ ᠲᠥᠷᠥᠯ ᠵᠦᠢᠯ ᠪᠠᠶᠢᠵᠤ᠂ ᠡᠳ᠋ ᠤᠨ ᠵᠠᠰᠠᠭ ᠤᠨ ᠳᠠᠷᠤᠭᠠᠰᠤ ᠶᠢ ᠨᠡᠮᠡᠭᠳᠡᠭᠦᠯᠬᠦ ᠥᠬᠡᠶ᠂ | ᠰᠠᠯᠠᠭ᠎ᠠ ᠮᠥᠴᠢᠷ ᠤᠨ ᠠᠵᠢᠯ ᠤᠨ ᠬᠡᠮᠵᠢᠶ᠎ᠡ ᠶᠢ ᠨᠡᠮᠡᠭᠳᠡᠭᠦᠯᠬᠦ ᠥᠬᠡᠶ᠃ ᠡᠶᠢᠮᠦ ᠠᠴᠠ᠂ ᠲᠣᠰ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠬᠠᠭᠤᠳᠠᠰᠤ ᠶᠢ ᠨᠡᠶᠢᠲᠡᠯᠡᠬᠦ ᠨᠢ ᠬᠡᠷᠡᠭᠵᠢᠭᠦᠯᠵᠦ ᠪᠣᠯᠬᠤᠶᠢᠴᠠ ᠪᠥᠭᠡᠳ | ᠪᠠᠰᠠ ᠴᠢᠬᠤᠯᠠ ᠲᠠᠢ ᠶᠤᠮ᠃ | ᠭᠤᠷᠪᠠ᠂ ᠬᠤᠯᠪᠣᠭᠳᠠᠯ ᠪᠥᠬᠦᠶ ᠵᠦᠢᠯᠡᠰ ᠤᠨ ᠲᠣᠳᠣᠷᠬᠠᠶᠢᠯᠠᠯᠲᠠ | 1. ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠬᠠᠭᠤᠳᠠᠰᠤ ᠶᠢ ᠨᠡᠶᠢᠲᠡᠯᠡᠭᠰᠡᠨ ᠶᠠᠪᠤᠳᠠᠯ ᠪᠣᠯ | ᠵᠠᠰᠠᠭ ᠤᠨ ᠣᠷᠳᠣᠨ ᠠᠴᠠ ᠪᠥᠬᠦ ᠨᠡᠶᠢᠭᠡᠮ ᠳᠤ ᠬᠢᠭᠰᠡᠨ ᠠᠮᠠᠯᠠᠯᠲᠠ ᠮᠥᠨ᠃ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢᠨ ᠳᠡᠭᠡᠷ᠎ᠡ᠂ ᠦᠢᠯᠡᠴᠢᠯᠡᠭᠡᠨ ᠤ ᠴᠤᠪᠤᠷᠠᠯ ᠢ | ᠨᠠᠷᠢᠯᠢᠭᠵᠢᠭᠤᠯᠤᠨ ᠬᠡᠮᠵᠢᠶᠡᠵᠢᠭᠦᠯᠵᠦ᠂ ᠤᠬᠠᠭᠤᠯᠭ᠎ᠠ ᠪᠠᠨ ᠴᠢᠩᠭᠠᠳᠬᠠᠨ᠂ ᠨᠥᠬᠦᠴᠡᠯ ᠳᠤ ᠨᠡᠶᠢᠴᠡᠬᠦ ᠨᠠᠰᠤᠲᠠᠨ | ᠨᠢᠭᠡᠪᠦᠷᠢ ᠳᠤ ᠦᠢᠯᠡᠴᠢᠯᠡᠭᠡ ᠬᠦᠷᠲᠡᠭᠡᠬᠦ ᠬᠡᠷᠡᠭᠲᠡᠢ᠃ | 2. ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠦᠢᠯᠡᠴᠢᠯᠡᠭᠡᠨ ᠤ ᠨᠠᠷᠢᠨ ᠬᠠᠭᠤᠳᠠᠰᠤ ᠳᠠᠬᠢ | ᠦᠢᠯᠡᠴᠢᠯᠡᠭᠡᠨ ᠤ ᠲᠥᠷᠥᠯ ᠵᠦᠢᠯ ᠢ ᠥᠷᠨᠢᠭᠦᠯᠦᠭᠰᠡᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠳᠡᠭᠡᠭᠰᠢ | ᠮᠡᠳᠡᠭᠦᠯᠵᠦ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ | 3. ᠨᠠᠷᠢᠨ ᠳᠠᠩᠰᠠ ᠶᠢᠨ ᠠᠭᠤᠯᠭ᠎ᠠ ᠶᠢ ᠪᠠᠰᠠ ᠨᠠᠶᠢᠳᠠᠪᠤᠷᠢᠵᠢᠭᠤᠯᠤᠭᠠᠳᠤᠶ ᠰᠠᠯᠠᠭ᠎ᠠ ᠮᠥᠴᠢᠷ ᠰᠢᠯᠲᠠᠭᠠᠨ ᠢ | ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠴᠤ᠂ ᠨᠠᠶᠢᠳᠠᠪᠤᠷᠢᠵᠢᠭᠤᠯᠬᠤ ᠲᠥᠰᠦᠯ | ᠲᠣᠭᠲᠠᠭᠠᠵᠤ᠂ ᠱᠠᠯᠠᠪᠳᠠᠨ ᠨᠠᠶᠢᠳᠠᠪᠤᠷᠢᠵᠢᠭᠤᠯᠬᠤ ᠬᠡᠷᠡᠭᠲᠡᠶ᠃ | |