︽ᠪᠣᠬᠢᠷᠲᠤᠯ ᠥᠬᠡᠶ ᠵᠢᠭᠤᠯᠴᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠶᠠᠯᠠᠯ︾ ᠤᠯᠠᠭᠠᠨᠬᠠᠳᠠ ᠬᠤᠲᠠ ᠶᠢᠨ ᠥᠪᠡᠰᠦᠪᠡᠨ ᠲᠡᠷᠭᠡ ᠵᠢᠯᠣᠭᠤᠳᠴᠤ ᠵᠤᠭᠠᠴᠠᠬᠤ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠡᠶᠢᠲᠡ ᠶᠢᠨ ᠠᠰᠠᠷᠠᠮᠵᠢ ᠶᠢᠨ ᠥᠪᠡᠰᠦᠪᠡᠨ ᠲᠡᠷᠭᠡ ᠵᠢᠯᠣᠭᠤᠳᠬᠤ ᠠᠵᠢᠯᠯᠠᠭ᠎ᠠ ᠬᠠᠷᠠᠴᠢᠨ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/11/27
   ᠣᠯᠠᠨ ᠨᠡᠶᠢᠲᠡ ᠶᠢᠨ ᠥᠪᠡᠷ ᠢᠶᠠᠨ ᠲᠡᠷᠭᠡ ᠵᠢᠯᠣᠭᠤᠳᠴᠤ ᠵᠢᠭᠤᠯᠴᠢᠯᠠᠬᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠲᠣᠰ ᠬᠤᠰᠢᠭᠤᠨ ᠤ ᠪᠠᠶᠢᠭᠠᠯᠢ ᠶᠢᠨ ᠥᠩᠭᠡ ᠦᠵᠡᠮᠵᠢ ᠪᠠ ᠬᠥᠮᠦᠨ ᠨᠡᠶᠢᠭᠡᠮ ᠤᠨ ᠦᠵᠡᠮᠵᠢ ᠶᠢ ᠣᠯᠠᠨ ᠲᠠᠯ᠎ᠠ ᠠᠴᠠ ᠳᠡᠯᠭᠡᠨ ᠦᠵᠡᠭᠦᠯᠬᠦ ᠶᠢᠨ ᠲᠥᠯᠥᠭᠡ ᠂ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠬᠢᠭᠡᠳ ᠤᠯᠠᠭᠠᠨᠬᠠᠳᠠ ᠬᠤᠲᠠ ᠶᠢᠨ ᠥᠪᠡᠰᠦᠪᠡᠨ ᠲᠡᠷᠭᠡ ᠵᠢᠯᠣᠭᠤᠳᠴᠤ ᠵᠤᠭᠠᠴᠠᠬᠤ ᠨᠡᠶᠢᠭᠡᠮᠯᠢᠭ ᠬᠠᠮᠲᠤᠷᠠᠨ ︽ᠪᠣᠬᠢᠷᠲᠤᠯ ᠥᠬᠡᠶ ᠠᠶᠠᠯᠠᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠢᠨᠦ ᠠᠶᠠᠯᠠᠯ - ᠬᠠᠷᠠᠴᠢᠨ ᠬᠤᠰᠢᠭᠤᠨ ᠤ ᠠᠭᠤᠯᠠᠨ ᠣᠶ ᠶᠢᠨ ᠣᠷᠴᠢᠨ ᠲᠣᠭᠤᠷᠢᠨ ᠤ ᠴᠡᠪᠡᠷᠯᠡᠯᠲᠡ ᠶᠢᠨ ᠥᠪᠡᠰᠦᠪᠡᠨ ᠲᠡᠷᠭᠡ ᠵᠢᠯᠣᠭᠤᠳᠴᠤ ᠵᠤᠭᠠᠴᠠᠬᠤ ᠠᠵᠢᠯᠯᠠᠭ᠎ᠠ︾ ᠶᠢ ᠶᠠᠪᠤᠭᠳᠠᠭᠤᠯᠪᠠ ᠃ ᠮᠠᠰᠢᠨ ᠲᠡᠷᠭᠡᠨ ᠤ ᠳᠡᠮᠵᠢᠯᠭᠡ ᠶᠢᠨ ᠦᠢᠯᠡᠴᠢᠯᠡᠭᠡᠨ ᠤ ᠬᠤᠳᠠᠯᠳᠤᠭᠠᠴᠢᠨ ᠤ ᠲᠥᠯᠥᠭᠡᠯᠡᠭᠴᠢ᠂ ᠥᠪᠡᠷ ᠢᠶᠠᠨ ᠲᠡᠷᠭᠡ ᠵᠢᠯᠣᠭᠤᠳᠤᠨ ᠵᠢᠭᠤᠯᠴᠢᠯᠠᠬᠤ ᠳᠤ ᠪᠠᠭ᠋ᠠᠲᠠᠶ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠰᠠᠶᠢᠨ ᠳᠤᠷ᠎ᠠ ᠶᠢᠨ ᠠᠵᠢᠯᠯᠠᠭᠴᠢ᠂ ᠨᠡᠶᠢᠭᠡᠮ ᠤᠨ ᠡᠯ᠎ᠡ ᠡᠲᠡᠭᠡᠳ ᠤᠨ ᠬᠠᠶᠢᠷ᠎ᠠ ᠬᠠᠯᠠᠮᠵᠢ ᠶᠢᠨ ᠬᠥᠮᠦᠰ ᠨᠡᠶᠢᠲᠡ 50 ᠭᠠᠷᠤᠶ ᠬᠥᠮᠦᠨ ᠣᠷᠣᠯᠴᠠᠵᠠᠶ᠃ ᠠᠵᠢᠯᠯᠠᠭ᠎ᠠ ᠳᠤ ᠣᠷᠣᠯᠴᠠᠬᠤ ᠲᠡᠷᠭᠡ ᠬᠥᠰᠬᠡ ᠶᠢᠨ ᠠᠩᠬᠠᠨ ᠤ ᠥᠷᠲᠡᠭᠡ ᠨᠢ ᠮᠠ ᠠᠨ ᠱᠠᠨ ᠤᠯᠠᠭᠠᠨ ᠠᠷᠢᠬᠢᠨ ᠤ ᠡᠳ᠋ᠯᠡᠩ ᠤᠨ ᠦᠵᠡᠮᠵᠢ ᠶᠢᠨ ᠵᠠᠮ ᠳᠤ ᠬᠦᠷᠴᠦ᠂ ᠶᠡᠷᠦᠩᠬᠡᠶ ᠱᠦᠵᠢ ᠰᠢ ᠶᠢᠨ ᠫᠢᠩ ᠤᠨ ᠮᠠ ᠠᠨ ᠱᠠᠨ ᠤ ᠰᠢᠨᠵᠢᠯᠡᠨ ᠪᠠᠶᠢᠴᠠᠭᠠᠬᠤ ᠱᠤᠭᠤᠮ ᠢᠶᠠᠷ ᠳᠠᠬᠢᠨ ᠶᠠᠪᠤᠵᠤ᠂ ᠬᠠᠷᠠᠴᠢᠨ ᠬᠤᠰᠢᠭᠤᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠮᠵᠢ ᠪᠠ ᠪᠣᠳᠠᠲᠠᠶ ᠠᠷᠭ᠎ᠠ ᠬᠡᠮᠵᠢᠶ᠎ᠡ ᠶᠢ ᠨᠠᠷᠢᠨ ᠣᠶᠢᠯᠠᠭᠠᠬᠤ ᠶᠢᠨ ᠬᠠᠮᠲᠤ ᠵᠠᠮ ᠤᠨ ᠡᠷᠬᠢᠨ ᠲᠣᠭᠤᠷᠢᠨ ᠤ ᠬᠤᠭ ᠨᠣᠪᠰᠢ ᠶᠢ ᠪᠥᠬᠦ ᠲᠠᠯ᠎ᠠ ᠪᠠᠷ ᠴᠡᠪᠡᠷᠯᠡᠨ᠎ᠡ᠃ ᠮᠠᠶᠢᠷᠡᠨ ᠭᠤᠤ ᠶᠢ ᠲᠣᠭᠤᠷᠢᠭᠰᠠᠨ ᠵᠠᠮ ᠳᠤ᠂ ᠠᠵᠢᠯᠯᠠᠭ᠎ᠠ ᠳᠤ ᠣᠷᠣᠯᠴᠠᠭᠰᠠᠳ ᠬᠤᠸᠠᠨ ᠭᠦ᠋ ᠵᠠᠰᠠᠮᠠᠯ ᠵᠠᠮ ᠤᠨ ᠴᠢᠬᠤᠯᠠ ᠲᠡᠷᠭᠡ ᠵᠣᠭᠰᠣᠬᠤ ᠭᠠᠵᠠᠷ ᠲᠤ ᠭᠦᠨᠵᠡᠭᠡᠶᠢᠷᠡᠨ ᠲᠣᠭᠤᠷᠢᠨ ᠦᠵᠡᠵᠦ ᠵᠢᠭᠤᠯᠴᠢᠯᠠᠨ᠂ ᠵᠠᠮ ᠤᠨ ᠬᠤᠶᠠᠷ ᠬᠠᠵᠠᠭᠤ᠂ ᠭᠤᠣᠯ ᠮᠥᠷᠡᠨ ᠤ ᠡᠷᠭᠢ ᠳᠠᠭᠠᠤ ᠵᠡᠷᠭᠡ ᠣᠷᠣᠨ ᠪᠦᠰᠡ ᠶᠢᠨ ᠬᠤᠭ ᠨᠣᠪᠰᠢ ᠶᠢ ᠨᠠᠷᠢᠨ ᠬᠢᠨᠠᠮᠠᠭᠠᠢ ᠴᠡᠪᠡᠷᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠦᠵᠡᠮᠵᠢ ᠶᠢᠨ ᠣᠷᠣᠨ ᠤ ᠣᠷᠴᠢᠨ ᠲᠣᠭᠤᠷᠢᠨ ᠢ ᠴᠡᠪᠡᠷᠰᠢᠭᠦᠯᠬᠦ ᠶᠢ ᠳᠡᠮᠵᠢᠵᠦ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠠᠮᠢ ᠠᠬᠤᠢ ᠶᠢᠨ ᠣᠶᠢᠯᠠᠭᠠᠭᠳᠠᠬᠤᠨ ᠢ ᠪᠦᠲᠦᠮᠵᠢᠲᠡᠢ ᠰᠠᠨᠠᠭᠠᠴᠢᠯᠠᠪᠠ᠃ ᠲᠠᠷᠠᠭᠠᠴᠢ ᠶᠢᠨ ᠠᠯᠬᠤᠮ ᠳᠤ᠂ ᠨᠡᠶᠢᠭᠡᠮ ᠲᠣᠭᠤᠷᠢᠭ᠂ ᠰᠤᠷᠭᠠᠭᠤᠯᠢ ᠵᠡᠷᠭᠡ ᠣᠯᠠᠨ ᠲᠠᠯᠠᠪᠤᠷ ᠲᠤ ᠭᠦᠨᠵᠡᠭᠡᠶᠢᠷᠡᠵᠦ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠲᠠᠶᠢᠯᠤᠮᠵᠢ ᠬᠢᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠤᠬᠠᠭᠤᠯᠭ᠎ᠠ ᠶᠢ ᠴᠢᠩᠭᠠᠳᠬᠠᠵᠤ᠂ ᠰᠠᠭᠤᠭᠠᠯᠢ ᠠᠷᠠᠳ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠦᠨ᠎ᠡ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号