ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ | ᠪᠠᠶᠢᠴᠠᠭᠠᠯᠲᠠ ᠶᠢᠨ ᠲᠥᠰᠦᠯ ᠤᠨ ᠲᠠᠶᠢᠯᠤᠮᠵᠢ | ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠨᠢ ᠶᠠᠭᠤ ᠪᠤᠢ︖ | ᠮᠠᠨ ᠤ ᠤᠯᠤᠰ ᠪᠤᠯ ᠦᠨᠢ ᠤᠳᠠᠭᠠᠨ ᠲᠡᠤᠬᠡ ᠲᠠᠢ ᠪᠤᠯᠪᠠᠰᠤᠨ ᠡᠷᠳᠡᠨ ᠤ ᠤᠯᠤᠰ ᠮᠦᠨ᠂ ᠬᠦᠨ ᠵᠤᠵᠠᠭᠠᠨ | ᠲᠡᠤᠬᠡ ᠶᠢᠨ ᠠᠭᠤᠯᠤᠬᠳᠠᠴᠠ ᠪᠠ ᠡᠯᠪᠡᠭ ᠪᠠᠶᠠᠯᠢᠭ ᠲᠡᠤᠬᠡ ᠶᠢᠨ ᠲᠤᠷᠠᠰᠬᠠᠯᠳᠤ ᠵᠦᠢᠯᠡᠰ ᠤᠨ ᠡᠬᠢ ᠪᠠᠶᠠᠯᠢᠭ ᠲᠠᠢ | ᠪᠠᠶᠢᠳᠠᠭ᠂ ᠲᠡᠭᠡᠪᠡᠯ ᠮᠠᠨ ᠤ ᠲᠡᠤᠬᠡ ᠶᠢᠨ ᠰᠠᠭᠤᠷᠢ ᠴᠤᠬᠤᠮ ᠬᠡᠴᠢᠨᠡᠨ ᠬᠦᠨ ᠵᠤᠵᠠᠭᠠᠨ ᠪᠠᠶᠢᠬᠤ ᠪᠤᠢ︖ | ᠲᠡᠦᠬᠡ ᠶᠢᠨ ᠳᠤᠷᠠᠰᠬᠠᠯᠲᠤ ᠵᠦᠢᠯ ᠤᠨ ᠡᠬᠢ ᠪᠠᠶᠠᠯᠢᠭ ᠴᠤᠬᠤᠮ ᠬᠡᠳᠦᠢ ᠪᠠᠶᠠᠯᠢᠭ ᠪᠠᠶᠢᠬᠤ ᠪᠤᠢ︖ ᠡᠨᠡ ᠪᠤᠯ | ᠲᠠᠷᠤᠢ ᠦᠨᠤᠳᠤᠷ ᠪᠢᠳᠠᠨ ᠤ ᠶᠠᠷᠢᠯᠴᠠᠬᠤ ᠰᠡᠲᠦᠪ - ᠲᠡᠤᠬᠡ ᠶᠢᠨ ᠲᠤᠷᠠᠰᠬᠠᠯᠳᠤ ᠵᠦᠢᠯᠡᠰ ᠤᠨ ᠨᠡᠶᠢᠳᠡᠮ | ᠪᠠᠶᠢᠴᠠᠭᠠᠯᠳᠠ ᠮᠦᠨ᠃ | ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠪᠣᠯ ᠤᠯᠤᠰ ᠤᠨ ᠪᠠᠶᠢᠳᠠᠯ ᠤᠯᠤᠰ ᠤᠨ | ᠬᠦᠴᠦᠨ ᠤ ᠴᠢᠬᠤᠯᠠ ᠶᠡᠭᠡ ᠪᠠᠶᠢᠴᠠᠭᠠᠯᠲᠠ ᠮᠥᠨ᠂ ᠤᠯᠤᠰ ᠤᠨ ᠰᠣᠶᠣᠯ ᠤᠨ ᠠᠮᠤᠷ ᠲᠦᠪᠰᠢᠨ ᠤ ᠴᠢᠬᠤᠯᠠ | ᠪᠠᠲᠤᠯᠠᠭ᠎ᠠ ᠮᠥᠨ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠦᠢᠯᠡᠰ ᠤᠨ ᠬᠥᠭᠵᠢᠯᠲᠡ ᠳᠤ ᠰᠠᠭᠤᠷᠢᠯᠠᠭᠰᠠᠨ | ᠴᠢᠬᠤᠯᠠ ᠰᠠᠭᠤᠷᠢ ᠴᠢᠨᠠᠷᠲᠠᠶ ᠠᠵᠢᠯ ᠮᠥᠨ᠃ | ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ | ᠪᠠᠶᠢᠴᠠᠭᠠᠯᠲᠠ ᠶᠢᠨ ᠠᠵᠢᠯ ᠪᠣᠯ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ︽ᠨᠢᠭᠡᠳᠦᠯᠲᠡᠶ ᠤᠳᠤᠷᠢᠳᠴᠤ᠂ | ᠰᠠᠯᠠᠭ᠎ᠠ ᠮᠥᠴᠢᠷ ᠬᠠᠮᠵᠢᠯᠴᠠᠵᠤ᠂ ᠱᠠᠲᠤ ᠬᠤᠪᠢᠶᠠᠨ ᠬᠠᠷᠢᠭᠤᠴᠠᠵᠤ᠂ ᠡᠯ᠎ᠡ ᠲᠠᠯ᠎ᠠ ᠶᠢᠨ ᠬᠢᠨ ᠣᠷᠣᠯᠴᠠᠬᠤ︾ | ᠠᠷᠭ᠎ᠠ ᠮᠠᠶ᠋ᠢᠭ ᠢᠶᠠᠷ ᠯᠢ ᠱᠦᠶ ᠬᠤᠲᠠ ᠶᠢᠨ ᠳᠣᠲᠣᠷᠠᠬᠢ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ | ᠵᠦᠢᠯᠡᠰ ᠤᠨ ᠡᠬᠢ ᠪᠠᠶᠠᠯᠢᠭ ᠲᠤ ᠪᠥᠬᠦ ᠲᠠᠯ᠎ᠠ ᠶᠢᠨ ᠪᠠᠶᠢᠴᠠᠭᠠᠯᠲᠠ ᠬᠢᠬᠦ ᠨᠢᠭᠡ ᠵᠦᠢᠯ ᠤᠨ ᠰᠢᠰᠲ᠋ᠧᠮᠲᠦ ᠴᠢᠨᠠᠷᠲᠠᠶ | ᠠᠵᠢᠯ ᠪᠣᠯᠤᠨ᠎ᠠ᠃ | ᠲᠡᠦᠬᠡ ᠶᠢᠨ ᠳᠤᠷᠠᠰᠭᠠᠯᠲᠤ ᠵᠦᠢᠯ ᠤᠨ ᠨᠡᠢᠳᠡᠮ ᠪᠠᠢᠴᠠᠭᠠᠯᠲᠠ ᠶᠢᠨ ᠲᠡᠤᠬᠡ ᠶᠢ ᠢ ᠴᠢ ᠣᠢᠯᠠᠭᠠᠨ᠎ᠠ ᠤᠤ︖ | 1.ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ | ᠪᠠᠶᠢᠴᠠᠭᠠᠯᠲᠠ ᠶᠢᠨ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ ᠳᠠᠭᠠᠯᠳᠤᠨ᠂ 17 ᠵᠢᠯ ᠤᠨ ᠯᠢ ᠱᠦᠶ ᠬᠤᠲᠠ | ᠪᠥᠬᠦ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ︽ᠬᠡᠷ ᠤᠨ ᠪᠠᠶᠢᠳᠠᠯ ᠢ ᠣᠶᠢᠯᠠᠭᠠᠬᠤ︾ ᠶᠢ ᠳᠠᠬᠢᠨᠲᠠ | ᠬᠡᠷᠡᠭᠵᠢᠭᠦᠯᠪᠡ᠃ ᠦᠨᠡᠨ ᠳᠡᠭᠡᠨ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠰᠢ ᠮᠠᠨ ᠤ ᠤᠯᠤᠰ | ᠨᠢᠭᠡᠨᠲᠡ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠭᠤᠷᠪᠠ ᠤᠳᠠᠭ᠎ᠠ | ᠥᠷᠨᠢᠭᠦᠯᠵᠡᠶ᠃ ᠠᠩᠬᠠᠳᠤᠭᠠᠷ ᠤᠳᠠᠭᠠᠨ ᠤ ᠪᠦᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯ ᠤᠨ ᠨᠡᠶᠢᠳᠡᠮ | ᠪᠠᠶᠢᠴᠠᠭᠠᠯᠲᠠ ᠨᠢ 1956 ᠣᠨ ᠤ 4 ᠰᠠᠷ᠎ᠠ ᠠᠴᠠ ᠡᠬᠢᠯᠡᠵᠦ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ | ᠲᠠᠷᠢᠶᠠᠯᠠᠩ ᠤᠨ ᠦᠢᠯᠡᠳᠪᠦᠷᠢᠯᠡᠯ ᠤᠨ ᠪᠦᠲᠦᠭᠡᠨ ᠪᠠᠶᠢᠭᠤᠯᠤᠯᠲᠠ ᠳᠤᠮᠳᠠ ᠲᠡᠤᠬᠡ ᠶᠢᠨ ᠳᠤᠷᠠᠰᠬᠠᠯᠲᠤ ᠵᠦᠢᠯ ᠢ | ᠬᠠᠮᠠᠭᠠᠯᠠᠬᠤ ᠲᠤᠬᠠᠶ ᠮᠡᠳᠡᠭᠳᠡᠯ︾ ᠢ ᠨᠡᠶᠢᠲᠡᠯᠡᠵᠦ᠂ ᠪᠦᠬᠦ ᠤᠯᠤᠰ ᠤᠨ ᠬᠡᠪᠴᠢᠶᠡᠨ ᠳᠤ ᠲᠡᠤᠬᠡ ᠪᠠ ᠬᠤᠪᠢᠰᠬᠠᠯ ᠤᠨ | ᠳᠤᠷᠠᠰᠬᠠᠯᠲᠤ ᠵᠦᠢᠯ ᠤᠨ ᠦᠯᠡᠳᠡᠭᠳᠡᠯ ᠢ ᠨᠡᠶᠢᠳᠡᠮ ᠪᠠᠶᠢᠴᠠᠭᠠᠬᠤ ᠠᠵᠢᠯ ᠥᠷᠨᠢᠭᠦᠯᠵᠦ᠂ ᠲᠤᠬᠠᠶ ᠶᠢᠨ ᠦᠶ᠎ᠡ ᠶᠢᠨ | ᠪᠦᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯ ᠤᠨ ᠦᠨᠳᠦᠰᠦᠨ ᠪᠠᠶᠢᠳᠠᠯ ᠪᠠ ᠲᠠᠷᠬᠠᠯᠲᠠ ᠶᠢᠨ ᠪᠠᠶᠢᠳᠠᠯ ᠢ | ᠦᠨᠳᠦᠰᠦᠨ ᠳᠡᠭᠡᠨ ᠣᠶᠢᠯᠠᠭᠠᠪᠠ᠃ ᠡᠨᠡ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠮᠵᠢ ᠨᠢ ᠰᠢᠨ᠎ᠡ | ᠳᠤᠮᠳᠠᠳᠤ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠦᠢᠯᠡᠰ ᠤᠨ ᠬᠥᠭᠵᠢᠯᠲᠡ ᠳᠤ ᠪᠠᠲᠤ ᠪᠠᠬᠢ | ᠰᠠᠭᠤᠷᠢ ᠶᠢ ᠲᠠᠯᠪᠢᠵᠤ ᠥᠭᠴᠡᠶ᠃ ᠰᠡᠭᠦᠯᠡᠷ ᠨᠢ ᠨᠡᠶᠢᠳᠡᠮ ᠪᠠᠶᠢᠴᠠᠭᠠᠯᠲᠠ ᠶᠢᠨ ᠰᠠᠭᠤᠷᠢᠨ ᠳᠡᠭᠡᠷ᠎ᠡ 1961 | ᠣᠨ ᠳᠤ ᠲᠥᠷᠥ ᠶᠢᠨ ᠶᠠᠪᠤᠳᠠᠯ ᠤᠨ ᠬᠤᠷᠢᠶ᠎ᠠ ︽ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ | ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠳᠦᠷᠢᠮ︾ ᠢ ᠨᠡᠶᠢᠲᠡᠯᠡᠵᠦ᠂ ᠲᠡᠤᠬᠡ ᠶᠢᠨ ᠳᠤᠷᠠᠰᠬᠠᠯᠲᠤ ᠵᠦᠢᠯ ᠢ | ᠬᠠᠮᠠᠭᠠᠯᠠᠬᠤ ᠨᠢᠭᠡᠴᠢ ᠶᠢᠨ ᠳᠦᠷᠢᠮ ᠢ ᠪᠠᠶᠢᠭᠤᠯᠤᠨ᠂ ᠠᠩᠬᠠᠳᠤᠭᠠᠷ ᠪᠦᠯᠦᠭ ᠪᠦᠬᠦ ᠤᠯᠤᠰ ᠤᠨ ᠭᠤᠣᠯᠳᠠᠯᠭ᠎ᠠ ᠲᠠᠢ | ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠨᠢᠭᠡᠴᠢ ᠶᠢ ᠨᠡᠶᠢᠲᠡᠯᠡᠭᠰᠡᠨ ᠪᠠᠶᠢᠨ᠎ᠠ ᠃ | 2᠂ ᠬᠤᠶᠠᠳᠤᠭᠠᠷ ᠤᠳᠠᠭᠠᠨ ᠤ ᠪᠦᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯ ᠤᠨ ᠨᠡᠶᠢᠳᠡᠮ | ᠪᠠᠶᠢᠴᠠᠭᠠᠯᠲᠠ 1981 ᠣᠨ ᠠᠴᠠ ᠡᠬᠢᠯᠡᠵᠦ᠂ ᠨᠡᠶᠢᠳᠡᠮ ᠪᠠᠶᠢᠴᠠᠭᠠᠯᠲᠠ ᠶᠢᠨ ᠪᠦᠷᠬᠦᠭᠰᠡᠨ ᠲᠠᠯᠠᠪᠠᠶ ᠨᠢ | ᠠᠩᠬᠠᠳᠤᠭᠠᠷ ᠤᠳᠠᠭᠠᠨ ᠤ ᠨᠡᠶᠢᠳᠡᠮ ᠪᠠᠶᠢᠴᠠᠭᠠᠯᠲᠠ ᠠᠴᠠ ᠢᠯᠡᠷᠬᠡᠶ ᠨᠡᠮᠡᠭᠳᠡᠵᠦ᠂ ᠡᠨᠡ ᠤᠳᠠᠭᠠᠨ ᠤ ᠨᠡᠶᠢᠳᠡᠮ | ᠪᠠᠶᠢᠴᠠᠭᠠᠯᠲᠠ ᠨᠢ ᠪᠦᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯ ᠤᠨ ᠡᠬᠢ ᠪᠠᠶᠠᠯᠢᠭ ᠢ ᠶᠡᠷᠦᠩᠬᠡᠶ ᠳᠤᠨᠢ | ᠡᠵᠡᠮᠰᠢᠵᠦ᠂ ᠨᠡᠶᠢᠳᠡᠮ ᠪᠠᠶᠢᠴᠠᠭᠠᠯᠲᠠ ᠶᠢᠨ ᠰᠠᠭᠤᠷᠢᠨ ᠳᠡᠭᠡᠷ᠎ᠡ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ | ᠬᠤᠶᠠᠳᠤᠭᠠᠷ ᠪᠦᠯᠦᠭ ᠠᠴᠠ ᠵᠢᠷᠭᠤᠳᠤᠭᠠᠷ ᠪᠦᠯᠦᠭ ᠬᠦᠷᠲᠡᠯᠡᠬᠢ ᠪᠦᠬᠦ ᠤᠯᠤᠰ ᠤᠨ ᠭᠤᠤᠯᠳᠠᠯᠭ᠎ᠠ ᠲᠠᠢ ᠲᠡᠤᠬᠡ ᠶᠢᠨ | ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ ᠶᠢ ᠬᠢᠨᠠᠨ ᠲᠣᠭᠲᠠᠭᠠᠵᠤ ᠨᠡᠶᠢᠲᠡᠯᠡᠪᠡ᠂ ᠡᠯ᠎ᠡ ᠭᠠᠵᠠᠷ ᠤᠨ ᠬᠢᠨ | ᠪᠠᠰᠠ ᠣᠯᠠᠨ ᠪᠦᠯᠦᠭ ᠤᠳᠠᠭ᠎ᠠ ᠮᠤᠵᠢ ᠶᠢᠨ ᠱᠠᠲᠤ᠂ ᠬᠤᠲᠠ ᠰᠢᠶᠠᠨ ᠤ ᠱᠠᠲᠤᠨ ᠤ ᠲᠡᠤᠬᠡ ᠶᠢᠨ ᠳᠤᠷᠠᠰᠬᠠᠯᠲᠤ | ᠵᠦᠢᠯ ᠤᠨ ᠬᠠᠮᠠᠭᠠᠯᠠᠯᠲᠠ ᠶᠢᠨ ᠨᠢᠭᠡᠴᠢ ᠶᠢ ᠨᠡᠶᠢᠲᠡᠯᠡᠪᠡ︔ ᠲᠡᠤᠬᠡ ᠶᠢᠨ ᠳᠤᠷᠠᠰᠬᠠᠯᠲᠤ ᠵᠦᠢᠯ ᠤᠨ ᠪᠠᠶᠢᠭᠤᠯᠤᠮᠵᠢ | ᠡᠩᠨᠡᠭᠡ ᠶᠢ ᠴᠢᠩᠭᠠᠳᠬᠠᠵᠤ᠂ ᠲᠡᠤᠬᠡ ᠶᠢᠨ ᠳᠤᠷᠠᠰᠬᠠᠯᠲᠤ ᠵᠦᠢᠯ ᠤᠨ ᠳᠠᠩᠰᠠ ᠡᠪᠬᠡᠮᠡᠯ ᠢ ᠪᠠᠶᠢᠭᠤᠯᠤᠨ | ᠲᠡᠭᠦᠯᠳᠡᠷᠵᠢᠭᠦᠯᠵᠦ᠂ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠴᠤ ᠳᠡᠭᠡᠭᠰᠢᠯᠡᠭᠦᠯᠪᠡ᠃ | ᠪᠦᠬᠦ ᠤᠯᠤᠰ ᠤᠨ ᠭᠤᠷᠪᠠᠳᠤᠭᠠᠷ ᠤᠳᠠᠭᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ | ᠪᠠᠶᠢᠴᠠᠭᠠᠯᠲᠠ 2007 ᠣᠨ ᠤ 4 ᠳ᠋ᠦᠭᠡᠷ ᠰᠠᠷ᠎ᠠ ᠠᠴᠠ ᠡᠬᠢᠯᠡᠵᠦ 5 ᠵᠢᠯ ᠬᠡᠷᠡᠭᠰᠡᠨ᠎ᠡ᠃ ᠭᠤᠷᠪᠠ ᠶᠢ | ᠲᠦᠭᠡᠮᠡᠯᠵᠢᠭᠦᠯᠬᠦ ᠳᠤ ᠲᠣᠤᠷ ᠰᠦᠯᠵᠢᠶ᠎ᠡ᠂ ᠠᠯᠤᠰ ᠰᠡᠷᠡᠯ᠂ ᠭᠠᠵᠠᠷ ᠵᠦᠢ ᠶᠢᠨ ᠮᠡᠳᠡᠭᠡ ᠵᠠᠩᠭᠢ ᠶᠢᠨ ᠰᠢᠰᠲ᠋ᠧᠮ | ᠪᠣᠯᠤᠨ ᠪᠦᠬᠦ ᠪᠥᠮᠪᠥᠷᠴᠡᠭ ᠤᠨ ᠳᠠᠭᠠᠭᠤᠯᠢ ᠣᠳᠣᠨ ᠣᠷᠣᠨ ᠪᠠᠶᠢᠷᠢ ᠲᠣᠭᠲᠠᠭᠠᠬᠤ ᠰᠢᠰᠲ᠋ᠧᠮ ᠵᠡᠷᠭᠡ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠠᠷᠭ᠎ᠠ ᠪᠠᠷᠢᠯ ᠢ ᠬᠡᠷᠡᠭᠯᠡᠨ᠂ ᠪᠦᠬᠦ ᠤᠯᠤᠰ ᠤᠨ ᠰᠢᠯᠵᠢᠭᠦᠯᠵᠦ ᠪᠣᠯᠤᠰᠢ ᠦᠭᠡᠶ | ᠲᠡᠦᠬᠡ ᠶᠢᠨ ᠳᠤᠷᠠᠰᠬᠠᠯᠲᠤ ᠵᠦᠢᠯ ᠤᠨ ᠰᠠᠭᠤᠷᠢ ᠲᠤᠭ᠎ᠠ ᠪᠠᠷᠢᠮᠲᠠ ᠶᠢᠨ ᠬᠥᠮᠥᠷᠭᠡ ᠪᠣᠯᠤᠨ ᠡᠯᠧᠺᠳ᠋ᠷᠣᠨ ᠭᠠᠵᠠᠷ ᠤᠨ | ᠵᠢᠷᠤᠭ ᠢ ᠲᠡᠭᠦᠯᠳᠡᠷᠵᠢᠭᠦᠯᠵᠦ᠂ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠃ ᠲᠣᠰ ᠤᠳᠠᠭᠠᠨ ᠤ ᠨᠡᠶᠢᠳᠡᠮ | ᠪᠠᠶᠢᠴᠠᠭᠠᠯᠲᠠ ᠶᠢᠨ ᠠᠵᠢᠯ ᠨᠢ ᠪᠦᠬᠦ ᠤᠯᠤᠰ ᠤᠨ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ | ᠵᠦᠢᠯᠡᠰ ᠤᠨ ᠡᠬᠢ ᠪᠠᠶᠠᠯᠢᠭ ᠤᠨ ᠰᠠᠭᠤᠷᠢ ᠪᠠ ᠦᠨᠳᠦᠰᠦᠨ ᠪᠠᠶᠢᠳᠠᠯ ᠢ ᠪᠠᠶᠢᠴᠠᠭᠠᠨ ᠲᠣᠳᠣᠯᠠᠵᠤ᠂ ᠲᠡᠦᠬᠡ ᠶᠢᠨ | ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠶᠡᠭᠡ ᠬᠡᠮᠵᠢᠶᠡᠨ ᠤ ᠰᠠᠭᠤᠷᠢ ᠮᠡᠳᠡᠭᠡ ᠵᠠᠩᠭᠢ ᠪᠠ ᠨᠠᠷᠢᠨ ᠪᠣᠳᠠᠲᠠᠢ | ᠲᠤᠭ᠎ᠠ ᠪᠠᠷᠢᠮᠲᠠ ᠶᠢ ᠡᠵᠡᠮᠰᠢᠵᠦ᠂ ᠡᠨᠡ ᠬᠦ ᠰᠠᠭᠤᠷᠢᠨ ᠳᠡᠭᠡᠷ᠎ᠡ ᠲᠥᠷᠥ ᠶᠢᠨ ᠶᠠᠪᠤᠳᠠᠯ ᠤᠨ ᠬᠤᠷᠢᠶ᠎ᠠ ᠠᠴᠠ | ᠳᠣᠯᠣᠳᠤᠭᠠᠷ ᠪᠦᠯᠦᠭ᠂ ᠨᠠᠢᠮᠠᠳᠤᠭᠠᠷ ᠪᠦᠯᠦᠭ ᠤᠨ ᠪᠦᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠶᠢ ᠬᠢᠨᠠᠨ ᠲᠣᠭᠲᠠᠭᠠᠵᠤ ᠨᠡᠶᠢᠲᠡᠯᠡᠵᠦ᠂ ᠨᠡᠶᠢᠳᠡᠮ | ᠪᠠᠶᠢᠴᠠᠭᠠᠯᠲᠠ ᠶᠢᠨ ᠦᠷ᠎ᠡ ᠪᠦᠲᠦᠭᠡᠯ ᠨᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠲᠡᠦᠬᠡ ᠶᠢᠨ | ᠳᠤᠷᠠᠰᠬᠠᠯᠲᠤ ᠵᠦᠢᠯᠡᠰ ᠤᠨ ᠠᠵᠢᠯ ᠤᠨ ᠴᠢᠬᠤᠯᠠ ᠰᠠᠭᠤᠷᠢ ᠪᠣᠯᠪᠠ᠃ |