ᠬᠠᠷᠠᠴᠢᠨ ᠬᠤᠰᠢᠭᠤ ᠬᠠᠶᠢᠯᠤᠭᠤᠷ ᠵᠣᠩᠰᠢ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠫᠠᠶᠢᠰᠠ ᠶᠢ ᠬᠦᠴᠦᠯᠡᠨ ᠰᠠᠶᠢᠲᠤᠷ ᠭᠦᠢᠴᠡᠳᠬᠡᠵᠦ ᠪᠠᠶᠢᠨ᠎ᠠ
ᠨᠡᠶᠢᠲᠡᠯᠡᠭᠰᠡᠨ ᠴᠠᠭ᠄
2024/11/4
  ᠬᠠᠷᠠᠴᠢᠨ ᠬᠤᠰᠢᠭᠤ ᠬᠠᠶᠢᠯᠤᠭᠤᠷ ᠵᠣᠩᠰᠢ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠫᠠᠶᠢᠰᠠ ᠶᠢ ᠬᠦᠴᠦᠯᠡᠨ ᠰᠠᠶᠢᠲᠤᠷ ᠭᠦᠢᠴᠡᠳᠬᠡᠵᠦ ᠪᠠᠶᠢᠨ᠎ᠠ  ᠡᠨᠡ ᠵᠢᠯ ᠬᠠᠷᠠᠴᠢᠨ ᠬᠤᠰᠢᠭᠤ ᠬᠠᠶᠢᠯᠤᠭᠤᠷ ᠵᠣᠩᠰᠢ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠦᠷᠢᠶᠡᠨ ᠳᠠᠬᠢ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠯᠢ ᠣᠯᠠᠨ ᠬᠦᠴᠦᠲᠡᠶ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠠᠶᠢᠯᠤᠭᠤᠷ ᠵᠣᠩᠰᠢ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠠᠵᠤ ᠦᠢᠯᠡᠰ ᠤᠨ ᠲᠠᠰ ᠳᠡᠪᠰᠢᠬᠦ ᠪᠠ ᠦᠷᠭᠦᠯᠵᠢᠯᠡᠬᠦ ᠬᠥᠭᠵᠢᠯᠲᠡ ᠶᠢ ᠶᠡᠬᠡᠪᠡᠷ ᠠᠬᠢᠭᠤᠯᠵᠤ᠂ ᠬᠤᠰᠢᠭᠤᠨ ᠤ ᠠᠵᠤ ᠠᠬᠤᠶ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃  ᠸᠠᠩ ᠶᠧ ᠹᠦ᠋ ᠪᠠᠯᠭᠠᠰᠤ ᠨᠢ ᠶᠡᠭᠡ ᠬᠢᠩᠭᠠᠨ ᠳᠠᠪᠠᠭ᠎ᠠ ᠶᠢᠨ ᠠᠭᠤᠯᠠᠨ ᠭᠠᠵᠠᠷ ᠪᠣᠯᠤᠨ ᠶᠠᠨᠱᠠᠨ ᠠᠭᠤᠯᠠ ᠨᠢᠷᠤᠭᠤ ᠶᠢᠨ ᠠᠭᠤᠯᠵᠠᠷ ᠲᠤ ᠪᠠᠶᠢᠷᠢᠯᠠᠵᠤ᠂ ᠴᠢᠯᠠᠭᠤᠲᠤ ᠠᠭᠤᠯᠠ ᠶᠢᠨ ᠵᠡᠭᠦᠨ ᠬᠤᠶᠢᠲᠤ ᠬᠤᠷᠮᠣᠢ ᠳᠤ ᠬᠠᠷᠢᠶᠠᠯᠠᠭᠳᠠᠵᠤ᠂ ᠬᠠᠷᠢᠶ᠎ᠠ ᠣᠷᠣᠨ ᠤ ᠲᠠᠯᠠᠪᠠᠢ ᠨᠢ 517 ᠲᠡᠭᠰᠢ ᠳᠥᠷᠪᠡᠯᠵᠢᠨ ᠺᠢᠯᠣᠮᠧᠳ᠋ᠷ ᠪᠠᠶᠢᠵᠤ᠂ ᠠᠭᠤᠯᠠ ᠨᠢᠷᠤᠭᠤ᠂ ᠬᠠᠶᠢᠯᠤᠭᠤᠷ ᠵᠣᠩᠰᠢ ᠶᠢᠨ ᠠᠭᠤᠷᠬᠠᠢ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠡᠭᠡ᠂ ᠪᠠᠢᠷᠢ ᠰᠠᠭᠤᠷᠢ ᠰᠠᠶᠢᠨ ᠪᠠᠶᠢᠳᠠᠭ᠃  ᠬᠠᠶᠢᠯᠤᠭᠤᠷ ᠵᠣᠩᠰᠢ ᠨᠢ ᠨᠢᠭᠡ ᠵᠦᠢᠯ ᠤᠨ ᠴᠢᠬᠤᠯᠠ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠡᠮᠦᠷᠯᠢᠭ ᠪᠤᠰᠤ ᠠᠭᠤᠷᠬᠠᠢ ᠶᠢᠨ ᠡᠬᠢ ᠪᠠᠶᠠᠯᠢᠭ ᠪᠣᠯᠤᠭᠰᠠᠨ ᠤ ᠬᠤᠪᠢ ᠳᠤ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠭᠤᠯᠬᠤ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠤᠯᠠᠨ ᠬᠦᠷᠢᠶᠡᠨ ᠳᠤ ᠥᠷᠭᠡᠨ ᠢᠶᠠᠷ ᠬᠡᠷᠡᠭᠯᠡᠭᠳᠡᠨ᠎ᠡ᠃ ᠤᠷᠲᠤ ᠬᠤᠭᠤᠴᠠᠭᠠᠨ ᠤ ᠲᠤᠷᠰᠢ᠂ ᠠᠭᠤᠷᠬᠠᠢ ᠶᠢᠨ ᠪᠠᠶᠢᠷᠢᠰᠢᠯ ᠳᠠᠷᠬᠠᠶ᠂ ᠨᠡᠭᠡᠭᠡᠨ ᠮᠠᠯᠲᠠᠬᠤ ᠬᠡᠪᠴᠢᠶ᠎ᠡ ᠪᠠᠭ᠎ᠠ᠂ ᠮᠡᠷᠭᠡᠵᠢᠯ ᠤᠨ ᠬᠢᠷᠢ ᠬᠡᠮᠵᠢᠶ᠎ᠡ ᠬᠤᠴᠣᠷᠤᠩᠭᠤᠶ ᠪᠠᠶᠢᠬᠤ ᠵᠡᠷᠭᠡ ᠠᠰᠠᠭᠤᠳᠠᠯ ᠠᠴᠠ ᠪᠣᠯᠵᠤ᠂ ᠲᠤᠰ ᠠᠵᠤ ᠦᠢᠯᠡᠰ ᠤᠨ ᠦᠷᠭᠦᠯᠵᠢᠯᠡᠨ ᠬᠥᠭᠵᠢᠬᠦ ᠶᠢ ᠬᠢᠵᠠᠭᠠᠷᠯᠠᠵᠤ ᠪᠠᠶᠢᠨ᠎ᠠ᠃  ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠦᠴᠦᠲᠡᠶ ᠠᠬᠢᠭᠤᠯᠤᠯ ᠳᠣᠤᠷ᠎ᠠ᠂ ᠥᠪᠥᠷ ᠮᠣᠩᠭᠤᠯ ᠤᠨ ᠶᠢᠩ ᠾᠧ ᠠᠭᠤᠷᠬᠠᠶ ᠶᠢᠨ ᠦᠢᠯᠡᠰ ᠤᠨ ᠡᠬᠢ ᠪᠠᠶᠠᠯᠢᠭ ᠤᠨ ᠬᠢᠵᠠᠭᠠᠷᠲᠤ ᠺᠣᠮᠫᠠᠨᠢ ᠪᠥᠬᠦ ᠪᠡᠯᠡ ᠣᠷᠣᠭᠤᠯᠵᠤ ᠬᠠᠷᠠᠴᠢᠨ ᠬᠤᠰᠢᠭᠤᠨ ᠤ ᠫᠧᠩ ᠯᠦᠩ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢ ᠬᠤᠳᠠᠯᠳᠤᠨ ᠠᠪᠴᠤ᠂ 9 ᠬᠠᠶᠢᠯᠤᠭᠤᠷ ᠵᠣᠩᠰᠢ ᠶᠢᠨ ᠠᠭᠤᠷᠬᠠᠶ ᠮᠠᠯᠲᠠᠬᠤ ᠡᠷᠬᠡ ᠪᠠ 1 ᠬᠠᠶᠢᠯᠤᠭᠤᠷ ᠵᠣᠩᠰᠢ ᠶᠢᠨ ᠤᠬᠢᠶᠠᠵᠤ ᠰᠢᠯᠢᠬᠦ ᠦᠢᠯᠡᠳᠪᠦᠷᠢ ᠲᠠᠢ ᠰᠠᠭᠤᠷᠢᠨ ᠳᠡᠭᠡᠷ᠎ᠡ᠂ ᠸᠠᠩ ᠤᠨ ᠣᠷᠳᠣᠨ ᠤ ᠪᠥᠬᠦ ᠪᠠᠯᠭᠠᠰᠤᠨ ᠤ ᠬᠡᠪᠴᠢᠶᠡᠨ ᠳᠠᠬᠢ ᠬᠠᠶᠢᠯᠤᠭᠤᠷ ᠵᠣᠩᠰᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠨᠡᠭᠡᠭᠡᠨ ᠬᠥᠭᠵᠢᠭᠦᠯᠬᠦ ᠪᠣᠯᠤᠨ᠎ᠠ᠃ ᠲᠥᠷᠥᠯ ᠵᠦᠢᠯ ᠤᠨ ᠵᠢᠱᠢᠯᠲᠡ ᠪᠠᠷ ᠶᠡᠷᠦᠩᠬᠡᠶ ᠪᠠᠯᠠ ᠣᠷᠣᠭᠤᠯᠤᠯᠲᠠ ᠨᠢ 145 ᠳ᠋ᠦᠩᠰᠢᠭᠤᠷ ᠲᠥᠭᠦᠷᠢᠭ ᠪᠠᠶᠢᠵᠤ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠤᠭᠰᠠᠨ ᠤ ᠳᠠᠷᠠᠭ᠎ᠠ ᠵᠢᠯ ᠤᠨ ᠦᠢᠯᠡᠳᠬᠦᠨ ᠤ ᠥᠷᠲᠡᠭ ᠨᠢ 20 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠠᠰᠢᠭ ᠭᠠᠶᠢᠯᠢ ᠨᠢ 7 ᠳ᠋ᠦᠩᠰᠢᠭᠤᠷ ᠲᠥᠭᠦᠷᠢᠭ ᠲᠤ ᠬᠦᠷᠬᠦ ᠪᠣᠯᠤᠨ᠎ᠠ᠃ ᠣᠳᠣᠬᠠᠨ ᠪᠣᠯᠲᠠᠯ᠎ᠠ᠂ ᠶᠢᠩ ᠾᠧ ᠠᠭᠤᠷᠬᠠᠢ ᠶᠢᠨ ᠦᠢᠯᠡᠰ ᠨᠢᠭᠡᠨᠲᠡ 1500 ᠲᠦᠮᠡᠨ ᠲᠥᠭᠦᠷᠢᠭ ᠤᠨ ᠪᠡᠯᠡ ᠣᠷᠣᠭᠤᠯᠵᠤ ᠦᠢᠯᠡᠳᠪᠦᠷᠢᠯᠡᠯ ᠢᠶᠠᠨ ᠰᠡᠷᠭᠦᠭᠡᠬᠦ ᠡᠮᠦᠨᠡᠬᠢ ᠬᠤᠭᠤᠴᠠᠭᠠᠨ ᠤ ᠪᠡᠯᠡᠳᠬᠡᠯ ᠬᠢᠵᠦ᠂ ᠵᠢᠱᠢᠯᠲᠡ ᠪᠠᠷ 2025 ᠣᠨ ᠳᠤ ᠵᠢᠩᠬᠢᠨᠢ ᠪᠠᠷ ᠠᠰᠢᠭᠯᠠᠯᠲᠠ ᠳᠤ ᠣᠷᠣᠭᠤᠯᠬᠤ ᠪᠣᠯᠤᠨ᠎ᠠ᠃  ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ᠂ ᠮᠠᠨ ᠤ ᠬᠤᠰᠢᠭᠤ ᠢᠮᠠᠭᠲᠠ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ᠂ ᠲᠡᠷᠢᠭᠦᠨ ᠤ ᠨᠡᠭᠡᠭᠡᠨ ᠮᠠᠯᠲᠠᠬᠤ ᠮᠡᠷᠭᠡᠵᠢᠯ ᠪᠠ ᠲᠥᠬᠦᠭᠡᠷᠦᠮᠵᠢ ᠶᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠠᠭᠤᠷᠬᠠᠶ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠡᠬᠢ ᠪᠠᠶᠠᠯᠢᠭ ᠢ ᠡᠭᠡᠭᠦᠯᠦᠨ ᠬᠤᠷᠢᠶᠠᠬᠤ ᠨᠣᠷᠮ᠎ᠠ ᠶᠢ ᠳᠡᠭᠡᠭᠰᠢᠯᠡᠭᠦᠯᠪᠡ᠃ ᠡᠭᠦᠨ ᠤ ᠬᠠᠮᠲᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠬᠤᠯᠠᠴᠢᠯᠠᠵᠤ᠂ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠬᠦ ᠬᠢᠭᠡᠳ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠣᠬᠢᠴᠠᠩᠭᠤᠶ ᠪᠠᠷ ᠬᠥᠭᠵᠢᠬᠦ ᠶᠢ ᠪᠡᠶᠡᠯᠡᠭᠦᠯᠦᠨ᠎ᠡ᠃  ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ ᠮᠠᠨ ᠤ ᠬᠤᠰᠢᠭᠤ ᠪᠥᠬᠦ ᠬᠤᠰᠢᠭᠤᠨ ᠤ ᠬᠠᠶᠢᠯᠤᠭᠤᠷ ᠵᠣᠩᠰᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠭᠤᠷᠬᠠᠶ ᠮᠠᠯᠲᠠᠬᠤ᠂ ᠬᠦᠳᠡᠷ ᠰᠣᠩᠭᠤᠬᠤ ᠰᠢᠰᠲ᠋ᠧᠮ ᠢ ᠪᠠᠶᠢᠭᠤᠯᠬᠤ ᠪᠠᠷ ᠳᠠᠮᠵᠢᠭᠤᠯᠤᠨ᠂ ᠵᠢᠯ ᠳᠤ 25 ᠲᠦᠮᠡ ᠠᠴᠠ 30 ᠲᠦᠮᠡᠨ ᠲᠣᠨ ᠬᠠᠶᠢᠯᠤᠭᠤᠷ ᠵᠣᠩᠰᠢ ᠶᠢᠨ ᠨᠠᠷᠢᠨ ᠰᠢᠷᠬᠡᠭ ᠤᠨ ᠦᠢᠯᠡᠳᠪᠦᠷᠢᠯᠡᠬᠦ ᠴᠢᠳᠠᠪᠤᠷᠢ ᠶᠢᠨ ᠬᠡᠪᠴᠢᠶ᠎ᠡ ᠳᠤ ᠠᠯᠬᠤᠮ ᠠᠯᠬᠤᠮ ᠢᠶᠠᠷ ᠬᠦᠷᠭᠡᠬᠦ ᠪᠣᠯᠤᠨ᠎ᠠ᠃ ᠡᠭᠦᠨ ᠤ ᠬᠠᠮᠲᠤ ᠭᠤᠷᠪᠠᠨ ᠬᠤᠭᠤᠴᠠᠭ᠎ᠠ ᠬᠤᠪᠢᠶᠠᠨ ᠪᠥᠬᠦ ᠬᠡᠯᠬᠢᠶ᠎ᠡ ᠶᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠵᠤ᠂ ᠠᠯᠬᠤᠮ ᠠᠯᠬᠤᠮ ᠢᠶᠠᠷ ᠡᠯᠧᠺᠳ᠋ᠷᠣᠨ ᠲᠠᠰ ᠤᠨ ᠤᠰᠤᠲᠥ᠋ᠷᠥᠭᠴᠢ ᠶᠢᠨ ᠹᠯᠣᠷ ᠬᠦᠴᠢᠯ ᠤᠨ ᠦᠢᠯᠡᠳᠪᠦᠷᠢᠯᠡᠯ ᠤᠨ ᠴᠢᠳᠠᠪᠤᠷᠢ ᠶᠢ ᠵᠢᠯ ᠪᠦᠷᠢ 2 ᠲᠦᠮᠡᠨ ᠲᠣᠨ ᠳᠤ ᠬᠦᠷᠦᠭᠦᠯᠵᠦ᠂ ᠠᠵᠤ ᠦᠢᠯᠡᠳᠪᠦᠷᠢ ᠶᠢᠨ ᠲᠠᠰ ᠤᠨ ᠤᠰᠤᠲᠥ᠋ᠷᠥᠭᠴᠢ ᠶᠢᠨ ᠹᠯᠣᠷ ᠬᠦᠴᠢᠯ ᠢ ᠵᠢᠯ ᠪᠦᠷᠢ 10 ᠲᠦᠮᠡᠨ ᠲᠣᠨ ᠳᠤ ᠬᠦᠷᠦᠭᠦᠯᠬᠦ ᠶᠢᠨ ᠬᠠᠮᠲᠤ 2 ᠲᠦᠮᠡ ᠠᠴᠠ 3 ᠲᠦᠮᠡᠨ ᠲᠣᠨ ᠵᠢᠷᠭᠤᠭᠠᠨ ᠹᠯᠣᠷ ᠹᠣᠰᠹᠣᠷ ᠬᠦᠴᠢᠯ ᠤᠨ ᠯᠢᠲ᠋ᠢ ᠶᠢᠨ ᠦᠢᠯᠡᠳᠪᠦᠷᠢᠯᠡᠯ ᠤᠨ ᠱᠤᠭᠤᠮ ᠢ ᠪᠥᠲᠥᠭᠡᠨ ᠪᠠᠶᠢᠭᠤᠯᠵᠤ᠂ ᠬᠠᠶᠢᠯᠤᠭᠤᠷ ᠵᠣᠩᠰᠢ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠠᠴᠠ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶ᠎ᠡ ᠬᠦᠷᠲᠡᠯ᠎ᠡ ᠤᠷᠲᠤᠳᠬᠠᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠮᠠᠯᠲᠠᠬᠤ᠂ ᠦᠢᠯᠡᠳᠪᠦᠷᠢᠯᠡᠵᠦ ᠡᠳ᠋ᠰᠢᠭᠦᠯᠬᠦ ᠵᠢᠴᠢ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠪᠥᠭᠡᠮᠨᠡᠷᠡᠯ ᠢ ᠪᠣᠶ ᠪᠣᠯᠭᠠᠵᠤ᠂ ᠪᠥᠬᠦ ᠬᠤᠰᠢᠭᠤᠨ ᠤ ᠠᠭᠤᠷᠬᠠᠶ ᠶᠢᠨ ᠦᠢᠯᠡᠰ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号