ᠬᠠᠷᠠᠴᠢᠨ ᠬᠤᠰᠢᠭᠤᠨ ᠤ 2024 ᠣᠨ ᠤ ᠪᠣᠷᠣᠭᠠᠨ ᠤ ᠤᠯᠠᠷᠢᠯ ᠳᠤ ᠡᠪᠳᠡᠭᠳᠡᠭᠰᠡᠨ ᠭᠡᠷ ᠪᠠᠶᠢᠰᠢᠩ ᠢ ᠥᠭᠡᠷᠡᠴᠢᠯᠡᠬᠦ ᠠᠵᠢᠯᠲᠠᠨ ᠤ ᠨᠡᠷᠡᠰ ᠤᠨ ᠨᠡᠢᠲᠡᠯᠡᠯ
ᠨᠡᠶᠢᠲᠡᠯᠡᠭᠰᠡᠨ ᠴᠠᠭ᠄
2024/11/4
  ᠬᠠᠷᠠᠴᠢᠨ ᠬᠤᠰᠢᠭᠤᠨ ᠤ 2024 ᠣᠨ ᠤ ᠪᠣᠷᠣᠭᠠᠨ ᠤ ᠤᠯᠠᠷᠢᠯ ᠳᠤ ᠡᠪᠳᠡᠭᠳᠡᠭᠰᠡᠨ ᠭᠡᠷ ᠪᠠᠶᠢᠰᠢᠩ ᠢ ᠥᠭᠡᠷᠡᠴᠢᠯᠡᠬᠦ ᠠᠵᠢᠯᠲᠠᠨ ᠤ ᠨᠡᠷᠡᠰ ᠤᠨ ᠨᠡᠢᠲᠡᠯᠡᠯ  ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠠᠷᠠᠳ ᠤᠨ ᠶᠠᠪᠤᠳᠠᠯ ᠤᠨ ᠶᠠᠮᠤᠨ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ︽ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠰ ᠵᠡᠷᠭᠡ ᠭᠤᠤᠯᠳᠠᠯᠭ᠎ᠠ ᠲᠠᠢ ᠡᠲᠡᠭᠡᠳ ᠤᠨ ᠣᠷᠣᠨ ᠰᠠᠭᠤᠴᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠬᠡᠷᠡᠭᠵᠢᠭᠦᠯᠬᠦ ᠰᠠᠨᠠᠯ ︾ ︵ᠪᠠᠶᠢᠭᠤᠯᠤᠯᠲᠠ ᠲᠣᠰᠬᠤᠨ ﹇2021﹈ 35 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠰ ᠤᠨ ᠣᠷᠣᠨ ᠰᠠᠭᠤᠴᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ 2024 ᠣᠨ ᠤ ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠰ ᠤᠨ ᠨᠡᠷᠡᠰ ᠢ ᠳᠣᠤᠷᠠᠬᠢ ᠮᠡᠲᠦ ᠵᠠᠷᠯᠠᠪᠠ᠃  ᠬᠠᠷᠠᠴᠢᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠳᠡᠭᠡᠭᠰᠢᠬᠢ 12 ᠡᠷᠦᠬᠡ ᠶᠢ ᠬᠢᠨᠠᠨ ᠬᠠᠷᠭᠤᠭᠤᠯᠵᠤ᠂ ᠣᠲᠣ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠴᠠᠭ ᠢ 2024 ᠣᠨ ᠤ 10 ᠰᠠᠷ᠎ᠠ ᠶᠢᠨ 30 ᠤ ᠡᠳᠦᠷ ᠠᠴᠠ 2024 ᠣᠨ ᠤ 11 ᠰᠠᠷ᠎ᠠ ᠶᠢᠨ 5 ᠤ ᠡᠳᠦᠷ ᠪᠣᠯᠲᠠᠯ᠎ᠠ᠃ ᠬᠡᠷᠪᠡ ᠣᠨᠳᠣᠣ ᠰᠠᠨᠠᠯ ᠲᠠᠢ ᠪᠣᠯ᠂ ᠲᠤᠰ ᠡᠳᠦᠷ ᠠᠴᠠ ᠡᠬᠢᠯᠡᠨ 7 ᠡᠳᠦᠷ ᠤᠨ ᠳᠣᠲᠣᠷ᠎ᠠ ᠬᠠᠷᠠᠴᠢᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠰᠠᠨᠠᠯ ᠳᠤᠷᠠᠳᠤᠭᠠᠷᠠᠢ᠃  ᠬᠢᠨᠠᠯᠲᠠ ᠲᠠᠯᠪᠢᠬᠤ ᠤᠲᠠᠰᠤ᠄ 0476 - 3772279  ᠬᠠᠷᠠᠴᠢᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ ᠲᠣᠪᠴᠢᠶ᠎ᠠ  2024 ᠤᠨ ᠤ 10 ᠰᠠᠷ᠎ᠠ ᠶᠢᠨ 30 ᠦ ᠡᠳᠦᠷ     
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号