ᠬᠠᠷᠠᠴᠢᠨ ᠬᠤᠰᠢᠭᠤ ︽ᠵᠠᠰᠠᠮᠠᠯ ᠵᠠᠮ︾ ᠤᠨ ᠵᠠᠭᠪᠤᠷ ᠲᠤ ᠰᠢᠨ᠎ᠡ ᠶᠢ ᠡᠭᠦᠳᠴᠦ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ︽ᠵᠣᠯ ᠵᠢᠷᠭᠠᠯ ᠤᠨ ᠵᠠᠮ︾ ᠢ ᠳᠡᠪᠢᠰᠪᠡ | ᠨᠢᠭᠡ ᠳᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠬᠦ᠂ ᠵᠢᠭᠤᠯᠴᠢᠯᠠᠯ ᠤᠨ ᠡᠬᠢ | ᠪᠠᠶᠠᠯᠢᠭ ᠢ ᠨᠡᠭᠡᠭᠡᠨ ᠬᠥᠭᠵᠢᠭᠦᠯᠬᠦ᠂ ᠠᠮᠢ ᠠᠬᠤᠢ ᠶᠢ ᠬᠠᠮᠠᠭᠠᠯᠠᠬᠤ ᠲᠠᠢ ᠤᠶᠠᠯᠳᠤᠭᠤᠯᠵᠤ᠂ ᠬᠥᠳᠡᠭᠡ ᠲᠣᠰᠬᠤᠨ ᠤ | ᠵᠠᠰᠠᠮᠠᠯ ᠵᠠᠮ ᠢ ︽ᠱᠤᠭᠤᠮ︾ ᠠᠴᠠ ︽ᠲᠣᠣᠷ︾ ᠪᠣᠯᠭᠠᠵᠤ᠂ ︽ᠨᠡᠪᠲᠡᠷᠡᠵᠦ︾ ᠪᠠᠶᠢᠭᠰᠠᠨ ᠠᠴᠠ ︽ᠰᠠᠶᠢᠨ︾ | ᠪᠣᠯᠭᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠬᠦᠳᠦᠯᠦᠨ | ᠳᠠᠭᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠲᠤᠯᠭᠠᠭᠤᠷᠢᠯᠠᠯ ᠪᠠ | ᠪᠠᠲᠤᠯᠠᠭ᠎ᠠ ᠪᠣᠯᠭᠠᠬᠤ ᠬᠡᠷᠡᠭᠲᠡᠢ᠃ | ᠬᠤᠶᠠᠷ ᠲᠤ᠂ ᠨᠢᠳᠤᠨᠤᠨ ᠤ 10 ᠰᠠᠷ᠎ᠠ ᠶᠢᠨ 2 ᠤᠨ ᠡᠳᠦᠷ᠂ ᠬᠠᠷᠠᠴᠢᠨ ᠬᠤᠰᠢᠭᠤᠨ ᠤ ᠮᠡᠶᠢᠷᠡᠨ | ᠪᠠᠯᠭᠠᠰᠤᠨ ᠤ ᠰᠢᠶᠤᠤ ᠮᠧᠶ ᠯᠢᠨ ᠲᠣᠰᠬᠤᠨ ᠤ ᠮᠧᠩ ᠵᠢᠶᠠ ᠳ᠋ᠢᠶᠠᠨ ᠾᠧᠪᠧᠶ ᠮᠤᠵᠢ ᠶᠢᠨ ᠸᠧᠶ ᠶᠢᠨ ᠱᠠᠨ ᠲᠠᠩ | ᠪᠠᠯᠭᠠᠰᠤ ᠶᠢᠨ ᠶᠢᠨ ᠱᠠᠨ ᠲᠠᠩ ᠥᠪᠥᠷ ᠮᠣᠩᠭᠤᠯ ᠾᠧᠪᠧᠶ ᠶᠢᠨ ᠵᠠᠭᠠᠭ ᠤᠨ ᠵᠢᠭᠤᠯᠴᠢᠯᠠᠯ ᠤᠨ ᠵᠠᠰᠠᠮᠠᠯ ᠵᠠᠮ ᠢ | ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠭᠰᠡᠨ ᠨᠢ ᠬᠠᠷᠠᠴᠢᠨ᠂ ᠸᠧᠢᠢᠴᠠᠩ᠂ ᠰᠠᠶᠢᠬᠠᠨᠳᠠᠪᠠᠭ᠎ᠠ᠂ | ᠤᠯᠠᠭᠠᠨ ᠪᠤᠲᠦᠩ ᠵᠡᠷᠭᠡ ᠭᠠᠵᠠᠷ ᠤᠨ ᠬᠢᠯᠢ ᠳᠠᠭᠠᠤ ᠶᠢᠨ ᠨᠡᠭᠡᠭᠡᠯᠲᠡᠲᠦ ᠵᠢᠭᠤᠯᠴᠢᠯᠠᠯ ᠤᠨ | ᠶᠡᠭᠡ ᠱᠤᠭᠤᠮ ᠵᠢᠩᠬᠢᠨᠢ ᠪᠠᠷ ᠪᠦᠷᠢᠯᠳᠦᠭᠰᠡᠨ ᠢ ᠬᠠᠷᠠᠭᠤᠯᠵᠤ ᠪᠠᠶᠢᠨ᠎ᠠ᠃ | ᠣᠲᠣ ᠪᠣᠯᠲᠠᠯ᠎ᠠ᠂ ᠪᠥᠬᠦ ᠬᠤᠰᠢᠭᠤ ᠪᠠᠷ ᠢᠶᠠᠨ ᠮᠧᠶ ᠶᠢᠨ ᠱᠤᠭᠤᠮ᠂ ᠭᠦᠩ ᠮᠠ ᠱᠤᠭᠤᠮ᠂ ᠨᠢᠦ ᠳ᠋ᠠ | ᠹᠥᠩ ᠶᠢᠨ ᠡᠮᠦᠨ᠎ᠡ ᠱᠤᠭᠤᠮ᠂ ᠰᠢᠶᠣᠣ ᠳ᠋ᠠ ᠱᠤᠭᠤᠮ᠂ ᡂᠢ ᡁᠢ ᠱᠤᠭᠤᠮ ᠵᠡᠷᠭᠡ 6 ᠵᠤᠷᠪᠤᠰ ︽ᠳᠥᠷᠪᠡᠨ | ᠰᠠᠶᠢᠨ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠵᠠᠮ ᠢ ᠠᠮᠵᠢᠯᠲᠠ ᠲᠠᠢ ᠪᠠᠷ ᠪᠠᠶᠢᠭᠤᠯᠵᠤ᠂ ᠨᠡᠶᠢᠲᠡ | 333.798 ᠺᠢᠯᠣᠮᠧᠳ᠋ᠷ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠬᠦ ᠤᠷᠲᠤ ᠶᠢᠨ 33.1% ᠶᠢ ᠡᠵᠡᠯᠡᠪᠡ᠃ | 2023 ᠣᠨ ᠤ ᠡᠴᠦᠰ ᠪᠣᠯᠲᠠᠯ᠎ᠠ᠂ ᠬᠥᠳᠡᠭᠡ ᠲᠣᠰᠬᠤᠨ ᠤ ᠵᠠᠰᠠᠮᠠᠯ ᠵᠠᠮ ᠢ 798 ᠺᠢᠯᠣᠮᠧᠳ᠋ᠷ ᠳᠡᠰ ᠳᠡᠪᠰᠢᠭᠦᠯᠵᠦ | ᠂ ᠰᠢᠶᠠᠩ ᠪᠠᠯᠭᠠᠰᠤᠨ ᠳᠤ ᠭᠤᠷᠪᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠵᠠᠰᠠᠮᠠᠯ ᠵᠠᠮ ᠢ ᠨᠡᠪᠲᠡᠷᠡᠭᠦᠯᠦᠭᠰᠡᠨ | ᠬᠠᠷᠢᠴᠠᠯ 100% ᠳᠤ ᠬᠦᠷᠴᠦ᠂ 1005 ᠠᠶᠢᠯ ᠲᠣᠰᠬᠤᠨ ︵ᠳᠤᠭᠤᠶᠢᠯᠠᠩ︶ ᠳᠤ ᠬᠠᠲᠠᠭᠤᠷᠠᠭᠤᠯᠤᠭᠰᠠᠨ ᠵᠠᠮ | ᠨᠡᠪᠲᠡᠷᠡᠭᠦᠯᠦᠭᠰᠡᠨ ᠬᠠᠷᠢᠴᠠᠯ 100% ᠳᠤ ᠬᠦᠷᠴᠦ᠂ ︽ᠲᠣᠰᠬᠤᠨ ᠪᠣᠯᠭᠠᠨ ᠳᠤ ᠨᠡᠪᠲᠡᠷᠡᠭᠦᠯᠬᠦ︾᠂ ︽ | ᠳᠤᠭᠤᠶᠢᠯᠠᠩ ᠨᠡᠪᠲᠡᠷᠡᠭᠦᠯᠬᠦ︾᠂ ︽ᠡᠷᠦᠬᠡ ᠪᠣᠯᠭᠠᠨ ᠳᠤ ᠨᠡᠪᠲᠡᠷᠡᠭᠦᠯᠬᠦ︾ ᠶᠢ ᠪᠡᠶᠡᠯᠡᠭᠦᠯᠪᠡ᠃ | | | |