ᠰᠢ ᠶᠢᠨ ᠫᠢᠩ ᠰᠢᠬᠦᠷᠲᠦ ᠴᠡᠷᠢᠭ ᠠᠩᠭᠢ ᠳᠤ | ᠠᠵᠢᠯ ᠪᠠᠶᠢᠴᠠᠭᠠᠬᠤ ᠳᠠᠭᠠᠨ | ᠴᠢᠬᠤᠯᠠᠴᠢᠯᠠᠭᠰᠠᠨ ᠨᠢ ᠴᠡᠷᠢᠭ | ᠪᠣᠯᠪᠠᠰᠤᠷᠠᠭᠤᠯᠤᠨ ᠳᠠᠶᠢᠨ ᠳᠤ | ᠪᠡᠯᠡᠳᠬᠡᠬᠦ ᠶᠢ ᠪᠦᠭᠦ ᠲᠠᠯ᠎ᠠ ᠪᠠᠷ | ᠴᠢᠩᠭᠠᠳᠬᠠᠵᠤ ᠰᠢᠬᠦᠷᠲᠦ ᠴᠡᠷᠢᠭ ᠤᠨ | ᠪᠠᠶᠢᠯᠳᠤᠭᠠᠨ ᠤ ᠴᠢᠳᠠᠪᠤᠷᠢ ᠪᠠᠨ | ᠳᠡᠭᠡᠭᠰᠢᠯᠡᠭᠦᠯᠵᠤ ᠨᠢᠭᠡᠨ ᠰᠠᠯᠠᠭ᠎ᠠ | ᠬᠦᠴᠦᠷᠬᠡᠭ ᠶᠡᠭᠡ ᠣᠳᠣᠬᠢᠴᠢᠯᠠᠭᠰᠠᠨ ᠰᠢᠬᠦᠷᠲᠦ | ᠴᠡᠷᠢᠭ ᠠᠩᠭᠢ ᠶᠢ ᠴᠢᠷᠮᠠᠶᠢᠨ ᠪᠠᠶᠢᠭᠤᠯᠬᠤ | ᠬᠡᠷᠡᠭᠲᠡᠢ | ᠰᠢᠨᠬᠤᠸᠠ ᠬᠤᠷᠢᠶ᠎ᠠ ᠶᠢᠨ ᠰᠢᠶᠣᠣ ᠭᠠᠨ ᠤ 11 | ᠰᠠᠷ᠎ᠠ ᠶᠢᠨ 5 ᠤ ᠴᠠᠭᠢᠯᠭᠠᠨ ᠮᠡᠳᠡᠭᠡ | ︵ᠰᠣᠷᠪᠣᠯᠵᠢᠯᠠᠭᠴᠢ ᠮᠧᠢ ᠴᠠᠩ ᠸᠧᠢ ︶ | ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ 4 ᠤ ᠡᠳᠦᠷ ᠰᠢᠬᠦᠷᠲᠦ ᠴᠡᠷᠢᠭ | ᠠᠩᠭᠢ ᠳᠤ ᠠᠵᠢᠯ ᠪᠠᠶᠢᠴᠠᠭᠠᠪᠠ᠃ ᠲᠡᠷᠡ᠂ | ᠰᠢᠬᠦᠷᠲᠦ ᠴᠡᠷᠢᠭ ᠠᠩᠭᠢ ᠶᠢᠨ ᠬᠢᠨ ᠮᠠᠨ ᠤ | ᠴᠡᠷᠢᠭ ᠤᠨ ᠬᠦᠴᠦᠨ ᠤ ᠰᠢᠰᠲ᠋ᠧᠮ ᠪᠣᠯᠣᠨ | ᠪᠠᠶᠢᠯᠳᠤᠭᠠᠨ ᠤ ᠰᠢᠰᠲ᠋ᠧᠮ ᠳᠤ ᠣᠨᠴᠠᠭᠠᠶ | ᠴᠢᠬᠤᠯᠠ ᠦᠢᠯᠡᠳᠦᠯ ᠲᠠᠢ ᠶᠤᠮ᠂ ᠰᠢᠨ᠎ᠡ ᠴᠠᠭ | ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ | ᠦᠵᠡᠯ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ | ᠴᠡᠷᠢᠭ ᠤᠨ ᠶᠠᠪᠤᠳᠠᠯ ᠤᠨ ᠪᠠᠶᠢᠯᠳᠤᠬᠤ | ᠪᠣᠳᠣᠯᠭ᠎ᠠ ᠶᠢᠨ ᠴᠢᠭᠯᠡᠯᠲᠡ ᠶᠢ | ᠲᠤᠭᠤᠰᠢᠯᠠᠭᠤᠯᠵᠤ᠂ ᠠᠭᠠᠷ ᠤᠨ ᠴᠡᠷᠢᠭ ᠤᠨ | ᠭᠡᠯᠪᠡᠷᠢ ᠪᠠᠨ ᠬᠤᠪᠢᠷᠠᠭᠤᠯᠬᠤ ᠪᠦᠲᠦᠭᠡᠨ | ᠪᠠᠶᠢᠭᠤᠯᠤᠯᠲᠠ ᠶᠢᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠴᠡᠷᠢᠭ | ᠪᠣᠯᠪᠠᠰᠤᠷᠠᠭᠤᠯᠤᠨ ᠲᠡᠶᠢᠨ ᠳᠤ | ᠪᠡᠯᠡᠳᠬᠡᠬᠦ ᠶᠢ ᠪᠦᠭᠦ ᠲᠠᠯ᠎ᠠ ᠪᠠᠷ | ᠴᠢᠩᠭᠠᠳᠬᠠᠵᠤ᠂ ᠰᠢᠬᠦᠷᠲᠦ ᠴᠡᠷᠢᠭ ᠤᠨ | ᠪᠠᠶᠢᠯᠳᠤᠭᠠᠨ ᠤ ᠴᠢᠳᠠᠪᠤᠷᠢ ᠪᠠᠨ ᠪᠦᠭᠦ | ᠲᠠᠯ᠎ᠠ ᠪᠠᠷ ᠳᠡᠭᠡᠭᠰᠢᠯᠡᠭᠦᠯᠵᠦ᠂ ᠨᠢᠭᠡᠨ | ᠰᠠᠯᠠᠭ᠎ᠠ ᠬᠦᠴᠦᠷᠬᠡᠭ ᠶᠡᠭᠡ ᠣᠳᠣᠬᠢᠴᠢᠯᠠᠭᠰᠠᠨ | ᠰᠢᠬᠦᠷᠲᠦ ᠴᠡᠷᠢᠭ ᠠᠩᠭᠢ ᠶᠢ ᠴᠢᠷᠮᠠᠶᠢᠨ | ᠪᠠᠶᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | 11 ᠰᠠᠷ᠎ᠠ ᠶᠢᠨ 4 ᠤ ᠡᠳᠦᠷ᠂ ᠲᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠰᠢᠬᠦᠷᠲᠦ ᠴᠡᠷᠢᠭ ᠠᠩᠭᠢ ᠳᠤ ᠠᠵᠢᠯ | ᠪᠠᠶᠢᠴᠠᠭᠠᠪᠠ᠃ ᠵᠢᠷᠤᠭ ᠪᠣᠯ ᠰᠢ ᠶᠢᠨ ᠫᠢᠩ | ᠰᠢᠬᠦᠷᠲᠦ ᠴᠡᠷᠢᠭ ᠠᠩᠭᠢ ᠶᠢᠨ ᠳᠠᠷᠤᠭ᠎ᠠ | ᠪᠠᠶᠢᠯᠳᠤᠭᠴᠢ ᠶᠢᠨ ᠲᠥᠯᠥᠭᠡᠯᠡᠭᠴᠢᠳ ᠢ | ᠳᠣᠲᠣᠨᠣ ᠪᠠᠷ ᠭᠥᠯᠢᠶᠡᠨ ᠠᠪᠴᠤ ᠠᠭᠤᠯᠵᠠᠵᠤ | ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ | ᠯᠢ ᠭᠠᠩ ᠰᠡᠭᠦᠳᠡᠷᠯᠡᠪᠡ | ᠨᠠᠮᠤᠷ ᠤᠨ ᠰᠡᠭᠦᠯᠴᠢ ᠪᠠᠷ ᠬᠤᠪᠧᠢ ᠶᠢᠨ ᠡᠬᠡ | ᠭᠠᠵᠠᠷ ᠲᠤ ᠤᠢ ᠮᠣᠳᠣ ᠬᠥᠬᠡᠷᠡᠨ ᠨᠣᠭᠤᠭᠠᠷᠠᠵᠤ᠂ | ᠥᠩᠭᠡ ᠦᠵᠡᠮᠵᠢ ᠭᠤᠶᠢᠳᠠ ᠰᠠᠶᠢᠬᠠᠨ | ᠬᠠᠷᠠᠭᠳᠠᠨ᠎ᠠ᠃ ᠦᠳᠡ ᠶᠢᠨ ᠬᠤᠶᠢᠨᠠᠬᠢ 3 | ᠴᠠᠭ ᠤᠨ ᠦᠶ᠎ᠡ ᠪᠠᠷ᠂ ᠰᠢ ᠶᠢᠨ ᠫᠢᠩ ᠰᠢᠬᠦᠷᠲᠦ | ᠴᠡᠷᠢᠭ ᠤᠨ ᠪᠠᠶᠢᠭᠤᠯᠭ᠎ᠠ ᠳᠤ ᠬᠦᠷᠴᠦ᠂ | ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ | ᠰᠢᠬᠦᠷᠲᠦ ᠴᠡᠷᠢᠭ ᠤᠨ ᠳᠠᠷᠤᠭ᠎ᠠ | ᠪᠠᠶᠢᠯᠳᠤᠭᠴᠢᠳ ᠤᠨ ᠲᠥᠯᠥᠭᠡᠯᠡᠭᠴᠢᠳ ᠲᠠᠢ | ᠳᠣᠲᠣᠨᠣ ᠪᠠᠷ ᠠᠭᠤᠯᠵᠠᠵᠤ᠂ ᠤᠯᠠᠨ ᠲᠠᠢ | ᠬᠠᠮᠲᠤ ᠶᠢᠨ ᠭᠡᠷᠡᠯ ᠵᠢᠷᠤᠭ ᠲᠠᠲᠠᠭᠤᠯᠵᠤ | ᠳᠤᠷᠠᠰᠬᠠᠯ ᠦᠯᠡᠳᠡᠭᠡᠪᠡ᠃ | ᠬᠠᠮᠲᠤ ᠶᠢᠨ ᠭᠡᠷᠡᠯ ᠵᠢᠷᠤᠭ | ᠲᠠᠲᠠᠭᠤᠯᠤᠭᠰᠠᠨ ᠤ ᠳᠠᠷᠠᠭ᠎ᠠ᠂ ᠰᠢ ᠶᠢᠨ ᠫᠢᠩ | ᠰᠢᠬᠦᠷᠲᠦ ᠴᠡᠷᠢᠭ ᠤᠨ ᠪᠠᠶᠢᠯᠳᠤᠭᠠᠨ ᠪᠣᠯᠣᠨ | ᠪᠠᠲᠤᠯᠠᠭ᠎ᠠ ᠶᠢᠨ ᠵᠡᠪᠰᠡᠭ ᠲᠣᠨᠣᠭᠯᠠᠯ ᠢ | ᠪᠠᠶᠢᠴᠠᠭᠠᠨ ᠦᠵᠡᠵᠦ᠂ ᠨᠡᠶᠢᠲᠡᠯᠢᠭ ᠵᠡᠪᠰᠡᠭ | ᠲᠣᠨᠣᠭᠯᠠᠯ ᠤᠨ ᠮᠡᠷᠭᠡᠵᠢᠯ ᠪᠠᠶᠢᠯᠳᠤᠬᠤ | ᠠᠷᠭ᠎ᠠ ᠶᠢᠨ ᠴᠢᠳᠠᠪᠬᠢ ᠶᠢ ᠨᠠᠷᠢᠨ | ᠣᠶᠢᠯᠠᠭᠠᠵᠤ᠂ ᠬᠤᠯᠪᠣᠭᠳᠠᠯ ᠪᠦᠬᠦᠢ | ᠪᠠᠶᠢᠳᠠᠯ ᠤᠨ ᠲᠠᠨᠢᠯᠴᠠᠭᠤᠯᠭ᠎ᠠ ᠶᠢ | ᠰᠣᠨᠣᠰᠪᠠ᠃ ᠡᠳᠡᠭᠡᠷ ᠵᠢᠯ ᠤᠳ ᠲᠤ ᠰᠢᠬᠦᠷᠲᠦ | ᠴᠡᠷᠢᠭ ᠠᠩᠭᠢ ᠶᠢᠨ ᠵᠡᠪᠰᠡᠭ ᠲᠣᠨᠣᠭᠯᠠᠯ ᠤᠨ | ᠰᠢᠰᠲ᠋ᠧᠮ ᠤᠨ ᠪᠠᠶᠢᠭᠤᠯᠤᠯᠲᠠ ᠢᠳᠡᠪᠬᠢᠲᠡᠢ | ᠦᠷ᠎ᠡ ᠪᠦᠲᠦᠮᠵᠢ ᠣᠯᠣᠭᠰᠠᠨ ᠢ ᠰᠣᠨᠣᠰᠤᠭᠠᠳ | ᠰᠢ ᠶᠢᠨ ᠫᠢᠩ ᠮᠠᠰᠢ ᠪᠠᠶᠠᠷᠯᠠᠪᠠ᠃ ᠲᠡᠷᠡ᠂ | ᠪᠠᠶᠢᠯᠳᠤᠭᠠᠨ ᠤ ᠬᠡᠷᠡᠭᠴᠡᠭᠡ ᠪᠠᠷ ᠬᠥᠲᠥᠯᠥᠨ | ᠳᠠᠭᠠᠭᠤᠯᠬᠤ ᠶᠢ ᠴᠢᠩᠭᠠᠳᠬᠠᠵᠤ᠂ ᠰᠢᠬᠦᠷᠲᠦ | ᠴᠡᠷᠢᠭ ᠤᠨ ᠲᠣᠨᠣᠭᠯᠠᠯ ᠤᠨ | ᠪᠠᠷᠢᠮᠵᠢᠶᠠᠵᠢᠭᠰᠠᠨ᠂ ᠰᠢᠷᠢᠰᠵᠢᠭᠰᠡᠨ᠂ | ᠨᠡᠶᠢᠳᠡᠮᠴᠢᠯᠡᠭᠰᠡᠨ ᠪᠦᠲᠦᠭᠡᠨ | ᠪᠠᠶᠢᠭᠤᠯᠤᠯᠲᠠ ᠪᠣᠯᠣᠨ ᠪᠣᠳᠠᠲᠤ | ᠪᠠᠶᠢᠯᠳᠤᠭᠠᠨᠴᠢᠯᠠᠬᠰᠠᠨ ᠬᠡᠷᠡᠭᠯᠡᠯᠲᠡ ᠶᠢ | ᠴᠢᠩᠭᠠᠳᠬᠠᠵᠤ᠂ ᠰᠢᠨ᠎ᠡ ᠭᠡᠯᠪᠡᠷᠢ ᠶᠢᠨ | ᠰᠢᠬᠦᠷᠲᠦ ᠴᠡᠷᠢᠭ ᠤᠨ ᠲᠣᠨᠣᠭᠯᠠᠯ ᠤᠨ | ᠰᠢᠰᠲ᠋ᠧᠮ ᠢ ᠪᠠᠶᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | 11 ᠰᠠᠷ᠎ᠠ ᠶᠢᠨ 4 ᠤ ᠡᠳᠦᠷ᠂ ᠲᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠰᠢᠬᠦᠷᠲᠦ ᠴᠡᠷᠢᠭ ᠠᠩᠭᠢ ᠳᠤ ᠠᠵᠢᠯ | ᠪᠠᠶᠢᠴᠠᠭᠠᠪᠠ᠃ ᠵᠢᠷᠤᠭ ᠪᠣᠯ ᠰᠢ ᠶᠢᠨ ᠫᠢᠩ | ᠰᠢᠬᠦᠷᠲᠦ ᠴᠡᠷᠢᠭ ᠤᠨ ᠴᠡᠷᠢᠭ ᠤᠨ ᠲᠡᠦᠬᠡ ᠶᠢᠨ | ᠣᠷᠳᠣᠨ ᠢᠶᠠᠷ ᠲᠣᠭᠤᠷᠢᠨ ᠦᠵᠡᠵᠦ | ᠪᠠᠶᠢᠭ᠎ᠠ ᠨᠢ᠃ | ᠰᠢᠨᠬᠤᠸᠠ ᠬᠤᠷᠢᠶᠠᠨ ᠤ ᠰᠣᠷᠪᠣᠯᠵᠢᠯᠠᠭᠴᠢ ᠯᠢ | ᠭᠠᠩ ᠰᠡᠭᠦᠳᠡᠷᠯᠡᠪᠡ | ᠳᠠᠷᠠᠭ᠎ᠠ ᠨᠢ᠂ ᠰᠢ ᠶᠢᠨ ᠫᠢᠩ ᠰᠢᠬᠦᠷᠲᠦ | ᠴᠡᠷᠢᠭ ᠤᠨ ᠴᠡᠷᠢᠭ ᠤᠨ ᠲᠡᠦᠬᠡ ᠶᠢᠨ | ᠣᠷᠳᠣᠨ ᠢᠶᠠᠷ ᠲᠣᠭᠤᠷᠢᠨ ᠦᠵᠡᠪᠡ᠃ ᠲᠤᠰ ᠴᠡᠷᠢᠭ | ᠠᠩᠭᠢ ᠪᠣᠯ ᠨᠢᠭᠡᠨ ᠰᠠᠯᠠᠭ᠎ᠠ ᠭᠦᠨ ᠵᠤᠵᠠᠭᠠᠨ | ᠲᠡᠦᠬᠡ ᠲᠠᠢ᠂ ᠭᠠᠷᠮᠠᠭᠠᠢ ᠭᠠᠪᠢᠶ᠎ᠠ | ᠵᠢᠳᠬᠦᠯ ᠲᠠᠢ ᠪᠠᠭᠠᠲᠤᠷᠯᠢᠭ ᠴᠡᠷᠢᠭ ᠠᠩᠭᠢ | ᠪᠣᠯᠣᠨ᠎ᠠ᠂ ᠬᠤᠪᠢᠰᠬᠠᠯᠲᠤ ᠳᠠᠶᠢᠨ ᠤ ᠣᠨ | ᠵᠢᠯ ᠤᠳ ᠲᠤ ᠳᠠᠶᠢᠨ ᠤ ᠭᠠᠯ ᠳᠠᠷᠢ ᠶᠢᠨ | ᠤᠲᠤᠭ᠎ᠠ ᠶᠢᠨ ᠳᠠᠪᠲᠠᠯᠲᠠ ᠶᠢ ᠥᠩᠭᠡᠷᠡᠭᠡᠵᠦ᠂ | ᠠᠮᠧᠷᠢᠺᠠ ᠶᠢ ᠡᠰᠡᠷᠭᠦᠴᠡᠵᠦ ᠰᠣᠯᠣᠩᠭᠤᠰ ᠢ | ᠲᠤᠰᠠᠯᠠᠬᠤ ᠳᠠᠶᠢᠨ ᠤ ᠱᠠᠩ ᠭᠠᠨ ᠯᠢᠩ ᠤᠨ | ᠳᠠᠶᠢᠯᠠᠯᠳᠤᠭᠠᠨ ᠳᠤ ᠤᠯᠤᠰ ᠤᠨ ᠰᠦᠷ ᠬᠦᠴᠦᠨ ᠢ | ᠪᠠᠳᠠᠷᠠᠭᠤᠯᠵᠤ᠂ ᠡᠩᠬᠡ ᠲᠠᠶᠢᠪᠤᠩ ᠪᠦᠲᠦᠭᠡᠨ | ᠪᠠᠶᠢᠭᠤᠯᠤᠯᠲᠠ ᠶᠢᠨ ᠬᠤᠭᠤᠴᠠᠭᠠᠨ ᠳᠤ ᠠᠯᠢ | ᠣᠯᠠᠨ ᠴᠢᠬᠤᠯᠠ ᠶᠡᠭᠡ ᠡᠭᠦᠷᠭᠡ ᠶᠢ | ᠠᠮᠵᠢᠯᠲᠠ ᠲᠠᠢ ᠪᠡᠶᠡᠯᠡᠭᠦᠯᠵᠦ᠂ ᠦᠯᠡᠮᠵᠢ | ᠣᠯᠠᠨ ᠪᠠᠭᠠᠲᠤᠷᠯᠢᠭ ᠬᠠᠮᠲᠤ ᠪᠠ ᠪᠠᠭᠠᠲᠤᠷ | ᠵᠢᠱᠢᠶᠡᠴᠢ ᠬᠥᠮᠥᠰ ᠴᠣᠯᠭᠤᠷᠠᠭᠰᠠᠨ ᠪᠠᠶᠢᠨ᠎ᠠ᠃ | ᠰᠢ ᠶᠢᠨ ᠫᠢᠩ ᠳᠡᠯᠭᠡᠨ ᠦᠵᠡᠭᠦᠯᠭᠡ ᠶᠢ ᠨᠠᠷᠢᠨ | ᠬᠢᠨᠠᠮᠠᠭᠠᠢ ᠦᠵᠡᠵᠦ᠂ ᠲᠠᠶᠢᠯᠤᠮᠵᠢ ᠶᠢ ᠨᠠᠷᠢᠨ | ᠬᠢᠨᠠᠮᠠᠭᠠᠢ ᠰᠣᠨᠣᠰᠪᠠ᠃ ᠲᠡᠷᠡ᠂ | ᠬᠤᠪᠢᠰᠬᠠᠯ ᠤᠨ ᠡᠬᠢ ᠪᠠᠶᠠᠯᠢᠭ ᠤᠨ | ᠳᠠᠪᠠᠭᠤᠯᠢᠭ ᠢ ᠰᠠᠶᠢᠲᠤᠷ ᠠᠰᠢᠭᠯᠠᠵᠤ᠂ | ᠳᠠᠷᠤᠭ᠎ᠠ ᠪᠠᠶᠢᠯᠳᠤᠭᠴᠢᠳ ᠢ ᠬᠥᠮᠥᠵᠢᠭᠦᠯᠦᠨ | ᠵᠢᠯᠤᠭᠤᠳᠴᠤ ᠢᠷᠠᠭᠤ ᠠᠯᠳᠠᠷᠲᠤ | ᠤᠯᠠᠮᠵᠢᠯᠠᠯ ᠢᠶᠠᠨ ᠰᠠᠶᠢᠲᠤᠷ | ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ | ᠪᠠᠭᠠᠲᠤᠷ ᠤᠨ ᠵᠠᠯᠭᠠᠮᠵᠢᠯᠠᠭᠴᠢ ᠪᠤᠯᠬᠤ ᠪᠠᠷ | ᠴᠢᠷᠮᠠᠶᠢᠬᠤ ᠬᠡᠷᠡᠭᠲᠡᠢ ᠭᠡᠵᠦ ᠵᠠᠬᠢᠪᠠ᠃ | ᠰᠢᠬᠦᠷᠲᠦ ᠴᠡᠷᠢᠭ ᠤᠨ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠤᠭᠰᠠᠨ ᠤ | ᠳᠠᠷᠠᠭ᠎ᠠ ᠰᠢ ᠶᠢᠨ ᠫᠢᠩ ᠴᠢᠬᠤᠯᠠ ᠶᠠᠷᠢᠶ᠎ᠠ | ᠲᠠᠯᠪᠢᠪᠠ᠃ ᠰᠢ ᠶᠢᠨ ᠫᠢᠩ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ | ᠰᠢᠬᠦᠷᠲᠦ ᠴᠡᠷᠢᠭ ᠠᠩᠭᠢ ᠶᠢᠨ | ᠪᠠᠶᠢᠭᠤᠯᠤᠯᠲᠠ ᠶᠢᠨ ᠣᠯᠣᠭᠰᠠᠨ ᠠᠮᠵᠢᠯᠲᠠ ᠶᠢ | ᠨᠤᠲᠠᠯᠠᠪᠠ᠃ ᠲᠡᠷᠡ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ | ᠲᠠᠶᠢᠨ ᠳᠤ ᠪᠡᠯᠡᠳᠬᠡᠵᠦ ᠲᠠᠶᠢᠨ ᠬᠢᠬᠦ | ᠤᠬᠠᠮᠰᠠᠷ ᠢᠶᠠᠨ ᠴᠢᠩᠭᠠᠳᠬᠠᠵᠤ᠂ ᠴᠡᠷᠢᠭ | ᠲᠠᠶᠢᠨ ᠤ ᠲᠡᠮᠡᠴᠡᠯ ᠤᠨ ᠪᠡᠯᠡᠳᠬᠡᠯ ᠢ | ᠴᠢᠩᠭ᠎ᠠ ᠮᠥᠷᠲᠡᠭᠡᠨ ᠪᠣᠳᠠᠲᠠᠢ ᠠᠳᠬᠤᠬᠤ | ᠬᠡᠷᠡᠭᠲᠡᠢ᠃ ᠤᠳᠦ ᠦᠶ᠎ᠡ ᠶᠢᠨ ᠲᠡᠶᠢᠠ ᠤ | ᠰᠢᠬᠦᠷᠲᠦ ᠴᠡᠷᠢᠭ ᠤᠨ ᠬᠦᠴᠦᠨ ᠤ ᠣᠨᠴᠠᠯᠢᠭ ᠪᠠ | ᠵᠢᠮ᠎ᠡ ᠶᠣᠰᠣ ᠶᠢ ᠠᠰᠢᠭᠯᠠᠨ᠂ ᠰᠢᠬᠦᠷᠲᠦ | ᠴᠡᠷᠢᠭ ᠤᠨ ᠪᠠᠶᠢᠯᠳᠤᠬᠤ ᠰᠡᠳᠬᠢᠬᠦᠢ | ᠣᠶᠢᠯᠠᠭᠠᠭᠳᠠᠬᠤᠨ ᠢᠶᠠᠨ ᠰᠢᠨᠡᠳᠬᠡᠵᠦ᠂ | ᠪᠠᠶᠢᠯᠳᠤᠬᠤ ᠭᠡᠯᠪᠡᠷᠢ ᠮᠠᠶ᠋ᠢᠭ ᠪᠠ ᠴᠡᠷᠢᠭ ᠤᠨ | ᠬᠦᠴᠦᠨ ᠤ ᠬᠡᠷᠡᠭᠯᠡᠯᠲᠡ ᠶᠢᠨ ᠠᠷᠭ᠎ᠠ | ᠮᠠᠶ᠋ᠢᠭ ᠤᠨ ᠲᠠᠯ᠎ᠠ ᠪᠠᠷ ᠰᠢᠨ᠎ᠡ ᠶᠢ | ᠡᠭᠦᠳᠴᠦ᠂ ᠰᠢᠬᠦᠷᠲᠦ ᠴᠡᠷᠢᠭ ᠠᠩᠭᠢ ᠶᠢᠨ | ᠥᠪᠡᠷᠮᠢᠴᠡ ᠳᠠᠪᠠᠭᠤᠯᠢᠭ ᠢ ᠰᠠᠶᠢᠲᠤᠷ | ᠪᠠᠳᠠᠷᠠᠭᠤᠯᠬᠤ ᠬᠡᠷᠡᠭᠲᠡᠢ᠃ ᠰᠠᠭᠤᠷᠢ | ᠪᠣᠯᠪᠠᠰᠤᠷᠠᠯ ᠪᠣᠯᠣᠨ ᠬᠦᠨᠳᠦ ᠬᠦᠴᠢᠷ | ᠬᠢᠴᠢᠶᠡᠯ ᠢ ᠲᠤᠰᠬᠠᠢ ᠰᠤᠳᠤᠯᠵᠤ ᠨᠠᠷᠢᠯᠢᠭ | ᠪᠤᠯᠪᠠᠰᠤᠷᠠᠭᠤᠯᠬᠤ ᠶᠢ ᠰᠠᠶᠢᠲᠤᠷ ᠠᠳᠬᠤᠵᠤ᠂ | ᠨᠠᠷᠢᠨ ᠪᠤᠳᠤᠯᠢᠶᠠᠨᠲᠠᠢ ᠬᠦᠴᠢᠷᠳᠡᠯᠲᠡᠢ | ᠨᠥᠬᠦᠴᠡᠯ ᠳᠤ ᠰᠠᠭᠤᠷᠢᠯᠠᠨ ᠪᠦᠭᠦ ᠡᠯᠧᠮᠧᠨ᠋ᠲ᠂ | ᠰᠢᠰᠲ᠋ᠧᠮ ᠪᠤᠯᠭᠠᠬᠤ᠂ ᠪᠣᠳᠠᠲᠤ | ᠬᠡᠷᠡᠭᠴᠡᠭᠡ ᠲᠠᠢ ᠪᠣᠯᠪᠠᠰᠤᠷᠠᠯ ᠢ | ᠴᠢᠩᠭᠠᠳᠬᠠᠵᠤ᠂ ᠪᠤᠰᠤᠳ ᠴᠡᠷᠢᠭ ᠤᠨ ᠲᠦᠷᠦᠯ ᠤᠨ | ᠴᠡᠷᠢᠭ ᠠᠩᠭᠢ ᠲᠠᠢ ᠬᠠᠮᠵᠢᠯᠴᠠᠨ | ᠪᠣᠯᠪᠠᠰᠤᠷᠠᠬᠤ ᠡᠷᠴᠢᠮ ᠢᠶᠠᠨ | ᠴᠢᠩᠭᠠᠷᠠᠭᠤᠯᠵᠤ᠂ ᠪᠠᠶᠢᠯᠳᠤᠭᠠᠨ ᠤ | ᠪᠣᠯᠪᠠᠰᠤᠷᠠᠯ ᠤᠨ ᠭᠦᠨᠵᠡᠭᠡᠢ ᠡᠪᠴᠡᠯᠳᠦᠯ ᠢ | ᠠᠬᠢᠭᠤᠯᠵᠤ᠂ ᠬᠤᠯᠪᠤᠭᠠᠯᠠᠨ ᠵᠢᠯᠤᠭᠤᠳᠬᠤ᠂ | ᠬᠤᠯᠪᠤᠭᠠᠯᠠᠨ ᠬᠥᠳᠡᠯᠦᠯᠴᠡᠬᠦ᠂ ᠬᠤᠯᠪᠤᠭᠠᠯᠠᠨ | ᠪᠠᠲᠤᠯᠠᠬᠤ ᠴᠢᠳᠠᠪᠤᠷᠢ ᠶᠢ | ᠳᠡᠭᠡᠭᠰᠢᠯᠡᠭᠦᠯᠭᠦ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠰᠢᠰᠲ᠋ᠧᠮ ᠤᠨ | ᠪᠠᠶᠢᠭᠤᠯᠤᠯᠲᠠ ᠶᠢᠨ ᠦᠵᠡᠯ ᠰᠠᠨᠠᠭ᠎ᠠ ᠶᠢ | ᠲᠤᠭᠤᠰᠢᠯᠠᠭᠤᠯᠵᠤ᠂ ᠰᠢᠬᠦᠷᠲᠦ ᠴᠡᠷᠢᠭ ᠤᠨ | ᠪᠠᠶᠢᠯᠳᠤᠭᠠᠨ ᠤ ᠬᠦᠴᠦᠨ ᠤ | ᠪᠠᠶᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠦᠨ ᠴᠢᠩᠭᠠᠳᠬᠠᠵᠤ᠂ ᠪᠦᠭᠦ | ᠬᠡᠯᠬᠢᠶ᠎ᠡ ᠪᠠᠷ ᠺᠠᠳ᠋ᠷ ᠤᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ | ᠰᠠᠶᠢᠲᠠᠢ ᠬᠥᠭᠵᠢᠯᠲᠡ ᠶᠢ ᠯᠠᠪᠳᠠᠭᠤᠨ | ᠪᠠᠲᠤᠲᠠᠢ ᠠᠬᠢᠭᠤᠯᠵᠤ᠂ ᠰᠢᠰᠲ᠋ᠧᠮ ᠪᠣᠯᠭᠠᠨ | ᠪᠠᠶᠢᠯᠳᠤᠭᠠᠨ ᠤ ᠴᠢᠳᠠᠪᠤᠷᠢ ᠶᠢ | ᠪᠦᠷᠢᠯᠳᠦᠭᠦᠯᠬᠦ ᠬᠡᠷᠡᠭᠲᠡᠢ᠃ ᠰᠢᠨ᠎ᠡ | ᠴᠢᠨᠠᠷ ᠤᠨ ᠪᠠᠶᠢᠯᠳᠤᠬᠤ ᠬᠦᠴᠦᠨ ᠤ | ᠪᠠᠶᠢᠭᠤᠯᠤᠯᠲᠠ ᠶᠢ ᠴᠢᠩᠭᠠᠳᠬᠠᠵᠤ | ᠦᠢᠯᠡᠳᠦᠯᠭᠡ ᠪᠠᠷ ᠬᠠᠶᠢᠨ ᠰᠦᠪᠡᠭᠴᠢᠯᠡᠯᠲᠡ | ᠬᠢᠵᠦ᠂ ᠲᠡᠷᠢᠭᠦᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠠᠰᠢᠭᠯᠠᠨ ᠰᠢᠬᠦᠷᠲᠦ ᠴᠡᠷᠢᠭ ᠠᠩᠭᠢ ᠶᠢᠨ | ᠪᠠᠶᠢᠭᠤᠯᠤᠯᠲᠠ ᠳᠤ ᠴᠢᠳᠠᠪᠬᠢ ᠣᠯᠭᠤᠵᠤ ᠦᠷ᠎ᠡ | ᠠᠰᠢᠭ ᠢ ᠨᠡᠮᠡᠭᠳᠡᠭᠦᠯᠵᠦ᠂ ᠪᠠᠶᠢᠯᠳᠤᠬᠤ | ᠬᠦᠴᠦᠨ ᠤ ᠡᠭᠦᠰᠴᠦ ᠪᠦᠷᠢᠯᠳᠦᠬᠦ ᠵᠠᠭᠪᠤᠷ ᠢ | ᠬᠤᠪᠢᠷᠠᠭᠤᠯᠬᠤ ᠬᠡᠷᠡᠭᠲᠡᠢ᠃ ᠴᠡᠷᠢᠭ | ᠪᠠᠶᠢᠭᠤᠯᠤᠭᠳᠠᠭᠰᠠᠨ ᠵᠠᠭᠤᠨ ᠵᠢᠯ ᠤᠨ | ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠰᠢᠬᠦᠷᠲᠦ | ᠴᠡᠷᠢᠭ ᠤᠨ ᠪᠠᠶᠢᠯᠳᠤᠭᠠᠨ ᠤ ᠭᠤᠣᠯᠯᠠᠬᠤ | ᠴᠢᠳᠠᠪᠤᠷᠢ ᠶᠢ ᠠᠳᠬᠤᠵᠤ᠂ ︽ᠠᠷᠪᠠᠨ | ᠳᠥᠷᠪᠡᠳᠦᠭᠡᠷ ᠲᠠᠪᠤᠨ ᠵᠢᠯ ︾ ᠤᠨ | ᠲᠥᠯᠦᠪᠵᠢᠭᠦᠯᠭᠡ ᠶᠢᠨ ᠡᠯ᠎ᠡ ᠵᠦᠢᠯ ᠤᠨ | ᠡᠭᠦᠷᠭᠡ ᠶᠢ ᠰᠠᠶᠢᠲᠤᠷ | ᠨᠠᠶᠢᠳᠠᠪᠤᠷᠢᠵᠢᠭᠤᠯᠵᠤ᠂ ᠲᠣᠭᠲᠠᠭᠰᠠᠨ | ᠬᠠᠷᠠᠯᠲᠠ ᠪᠠᠨ ᠲᠣᠭᠲᠠᠭᠰᠠᠨ ᠬᠤᠭᠤᠴᠠᠭᠠᠨ ᠳᠤ | ᠪᠡᠶᠡᠯᠡᠭᠦᠯᠬᠦ ᠶᠢ ᠦᠨᠡᠨ ᠬᠦ ᠪᠠᠲᠤᠯᠠᠬᠤ | ᠬᠡᠷᠡᠭᠲᠡᠢ᠃ ᠣᠳᠣᠬᠠᠨ ᠤ ᠪᠠᠶᠢᠳᠠᠯ ᠳᠤ | ᠰᠠᠭᠤᠷᠢᠯᠠᠨ᠂ ᠠᠯᠤᠰ ᠭᠡᠳᠦ ᠠᠴᠠ | ᠪᠣᠳᠣᠯᠬᠢᠯᠠᠬᠤ ᠶᠢ ᠪᠠᠷᠢᠮᠲᠠᠯᠠᠵᠤ᠂ | ᠰᠢᠬᠦᠷᠲᠦ ᠴᠡᠷᠢᠭ ᠠᠩᠭᠢ ᠶᠢᠨ | ᠪᠠᠶᠢᠭᠤᠯᠤᠯᠲᠠ ᠶᠢ ᠤᠬᠠᠭᠠᠯᠠᠨ ᠲᠥᠯᠥᠪᠯᠡᠬᠦ | ᠪᠠ ᠲᠥᠰᠥᠪᠯᠡᠬᠦ ᠶᠢ ᠴᠢᠩᠭᠠᠳᠬᠠᠵᠤ᠂ | ᠬᠠᠷᠠᠯᠲᠠ ᠶᠢᠨ ᠵᠢᠷᠤᠭ᠂ ᠱᠤᠭᠤᠮ ᠤᠨ ᠵᠢᠷᠤᠭ᠂ | ᠪᠠᠷᠢᠯᠭ᠎ᠠ ᠶᠢᠨ ᠵᠢᠷᠤᠭ ᠢ ᠰᠢᠨᠵᠢᠯᠡᠬᠦ | ᠤᠬᠠᠭᠠᠨᠴᠢ ᠪᠠᠷ ᠬᠢᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠤᠯᠤᠰ | ᠲᠦᠷᠦ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠯᠠᠪᠳᠠᠭᠤᠨ | ᠪᠠᠲᠤᠲᠠᠢ ᠰᠠᠶᠢᠲᠤᠷ ᠠᠳᠬᠤᠵᠤ᠂ ᠤᠯᠤᠰ | ᠲᠦᠷᠦ ᠶᠢᠨ ᠠᠵᠢᠯ ᠤᠨ ᠰᠦᠷ ᠬᠦᠴᠦᠨ ᠢ ᠭᠦᠢᠴᠡᠳ | ᠪᠠᠳᠠᠷᠠᠭᠤᠯᠵᠤ᠂ ᠰᠢᠬᠦᠷᠲᠦ ᠴᠡᠷᠢᠭ ᠠᠩᠭᠢ ᠶᠢᠨ | ᠪᠠᠶᠢᠭᠤᠯᠤᠯᠲᠠ ᠳᠤ ᠪᠠᠲᠤ ᠴᠢᠩᠭ᠎ᠠ ᠤᠯᠤᠰ | ᠲᠦᠷᠦ ᠶᠢᠨ ᠪᠠᠲᠤᠯᠠᠭ᠎ᠠ ᠬᠠᠩᠭᠠᠬᠤ | ᠬᠡᠷᠡᠭᠲᠡᠢ᠃ ᠤᠯᠤᠰ ᠲᠦᠷᠦ ᠶᠢᠨ ᠴᠡᠭᠴᠡᠯᠡᠨ | ᠪᠣᠯᠪᠠᠰᠤᠷᠠᠯ ᠢ ᠭᠦᠨᠵᠡᠭᠡᠶᠢᠷᠡᠭᠦᠯᠵᠦ᠂ | ᠨᠠᠮ ᠢ ᠬᠠᠮᠢᠶᠠᠷᠴᠤ ᠨᠠᠮ ᠢ ᠵᠠᠰᠠᠬᠤ ᠤᠯᠤᠰ | ᠲᠦᠷᠦ ᠶᠢᠨ ᠬᠠᠷᠢᠭᠤᠴᠠᠯᠭ᠎ᠠ ᠶᠢ ᠴᠢᠩᠭ᠎ᠠ | ᠪᠣᠳᠠᠲᠠᠢ ᠨᠠᠶᠢᠳᠠᠪᠤᠷᠢᠵᠢᠭᠤᠯᠵᠤ᠂ ᠤᠯᠤᠰ | ᠲᠦᠷᠦ ᠶᠢᠨ ᠲᠠᠯ᠎ᠠ ᠪᠠᠷ ᠪᠠᠲᠤ ᠴᠢᠩᠭ᠎ᠠ᠂ | ᠴᠢᠳᠠᠪᠤᠷᠢ ᠰᠠᠶᠢᠲᠠᠢ ᠪᠠᠲᠤ ᠴᠢᠩᠭ᠎ᠠ ᠨᠠᠮ ᠤᠨ | ᠵᠣᠬᠢᠶᠠᠨ ᠪᠠᠶᠢᠭᠤᠯᠤᠯᠲᠠ ᠶᠢ ᠳᠠᠪᠲᠠᠨ | ᠪᠤᠯᠪᠠᠰᠤᠷᠠᠭᠤᠯᠵᠤ᠂ ᠳᠠᠷᠤᠭ᠎ᠠ | ᠪᠠᠶᠢᠯᠳᠤᠭᠴᠢᠳ ᠤᠨ ᠳᠡᠷᠭᠡᠳᠡᠬᠢ | ᠢᠯᠵᠠᠷᠠᠯ ᠤᠨ ᠠᠰᠠᠭᠤᠳᠠᠯ ᠪᠣᠯᠣᠨ ᠲᠥᠪ ᠪᠤᠰᠤ | ᠰᠤᠷᠲᠠᠯ ᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠪᠠᠭᠠᠲᠤᠷᠯᠢᠭ ᠴᠡᠷᠢᠭ | ᠠᠩᠭᠢ ᠶᠢᠨ ᠢᠮᠠᠭᠲᠠ ᠠᠷᠢᠭᠤᠨ ᠴᠢᠬᠡᠴᠢ | ᠪᠠᠶᠢᠬᠤ ᠶᠢ ᠪᠠᠲᠤᠯᠠᠬᠤ ᠬᠡᠷᠡᠭᠲᠡᠢ᠃ ᠨᠠᠩ | ᠥᠨᠳᠥᠷ ᠪᠠᠷᠢᠮᠵᠢᠶ᠎ᠠ᠂ ᠨᠠᠩ ᠴᠢᠩᠭ᠎ᠠ | ᠱᠠᠭᠠᠷᠳᠠᠯᠭ᠎ᠠ ᠶᠢ ᠪᠠᠷᠢᠮᠲᠠᠯᠠᠵᠤ᠂ | ᠳᠠᠶᠢᠴᠢᠨ ᠵᠣᠷᠢᠭ ᠰᠠᠨᠠᠭᠠᠨ ᠤ ᠬᠥᠮᠦᠵᠢᠯ ᠢ | ᠶᠡᠭᠡ ᠪᠠᠷ ᠴᠢᠩᠭᠠᠳᠬᠠᠵᠤ᠂ ᠦᠢᠯᠡᠳᠦᠯᠭᠡ ᠶᠢᠨ | ᠳᠠᠪᠲᠠᠯᠲᠠ ᠪᠠ ᠪᠣᠯᠪᠠᠰᠤᠷᠠᠯ ᠢ | ᠴᠢᠩᠭᠠᠳᠬᠠᠵᠤ᠂ ᠰᠢᠬᠦᠷᠲᠦ ᠴᠡᠷᠢᠭ ᠤᠨ | ᠥᠪᠡᠷᠮᠢᠴᠡ ᠣᠮᠤᠭ ᠵᠣᠷᠢᠭ ᠢ ᠳᠠᠪᠲᠠᠨ | ᠪᠤᠯᠪᠠᠰᠤᠷᠠᠭᠤᠯᠬᠤ ᠬᠡᠷᠡᠭᠲᠡᠢ᠃ ᠬᠠᠤᠯᠢ | ᠶᠣᠰᠣᠭᠠᠷ ᠴᠡᠷᠢᠭ ᠢ ᠵᠠᠰᠠᠬᠤ᠂ ᠴᠡᠷᠢᠭ ᠢ | ᠴᠢᠩᠭ᠎ᠠ ᠵᠠᠰᠠᠬᠤ ᠱᠠᠭᠠᠷᠳᠠᠯᠭ᠎ᠠ ᠶᠢ | ᠲᠤᠭᠤᠰᠢᠯᠠᠭᠤᠯᠵᠤ᠂ ᠰᠤᠷᠭᠠᠨ ᠬᠥᠮᠥᠵᠢᠭᠦᠯᠵᠦ | ᠬᠠᠮᠢᠶᠠᠷᠬᠤ ᠪᠠᠨ ᠴᠢᠩᠭᠠᠳᠬᠠᠵᠤ᠂ ᠵᠢᠩᠬᠢᠨᠢ | ᠡᠮᠬᠢ ᠵᠢᠷᠤᠮ ᠢ ᠪᠠᠲᠤᠯᠠᠵᠤ᠂ ᠴᠡᠷᠢᠭ | ᠠᠩᠭᠢ ᠶᠢᠨ ᠳᠡᠭᠡᠳᠦ ᠬᠡᠮᠵᠢᠶᠡᠨ ᠤ | ᠲᠥᠪᠯᠡᠷᠡᠩᠭᠦᠢ ᠨᠢᠭᠡᠳᠦᠯ ᠲᠠᠢ ᠪᠠᠶᠢᠬᠤ ᠪᠠ | ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ | ᠬᠦ ᠪᠠᠲᠤᠯᠠᠬᠤ ᠬᠡᠷᠡᠭᠲᠡᠢ᠃ ᠡᠯ᠎ᠡ | ᠱᠠᠲᠤᠨ ᠤ ᠬᠢᠨ ᠭᠤᠣᠯᠳᠠᠯᠭ᠎ᠠ ᠪᠠᠨ ᠳᠣᠷᠣᠭᠰᠢ | ᠰᠢᠯᠵᠢᠭᠦᠯᠬᠦ ᠶᠢ ᠪᠠᠷᠢᠮᠲᠠᠯᠠᠵᠤ᠂ ᠦᠨᠳᠦᠰᠦᠨ | ᠱᠠᠲᠤ ᠶᠢ ᠠᠳᠬᠤᠨ ᠰᠠᠭᠤᠷᠢ ᠲᠠᠯᠪᠢᠬᠤ ᠠᠵᠢᠯ ᠢ | ᠰᠠᠶᠢᠲᠤᠷ ᠬᠢᠵᠦ᠂ ᠬᠡᠬᠦᠳᠡᠭ ᠳᠦᠭᠦᠷᠡᠩ | ᠬᠠᠯᠠᠭᠤᠨ ᠰᠡᠳᠬᠢᠯᠭᠡ ᠪᠠᠷ ᠳᠠᠷᠤᠭ᠎ᠠ | ᠪᠠᠶᠢᠯᠳᠤᠭᠴᠢᠳ ᠤᠨ ᠬᠦᠴᠢᠷ ᠵᠣᠪᠠᠭᠤᠷᠢ ᠶᠢ | ᠰᠢᠢᠳᠪᠦᠷᠢᠯᠡᠨ ᠥᠭᠴᠦ᠂ ᠥᠷᠭᠡᠨ ᠤᠯᠠᠨ ᠳᠠᠷᠤᠭ᠎ᠠ | ᠪᠠᠶᠢᠯᠳᠤᠭᠴᠢᠳ ᠤᠨ ᠪᠦᠯᠬᠦᠮᠳᠡᠨ ᠲᠠᠪᠰᠢᠬᠤ᠂ | ᠠᠵᠢᠯ ᠬᠢᠵᠦ ᠦᠢᠯᠡᠰ ᠪᠣᠰᠬᠠᠬᠤ ᠢᠳᠡᠪᠬᠢᠵᠢᠯ ᠢ | ᠬᠥᠭᠵᠢᠭᠡᠵᠦ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ ᠰᠢᠬᠦᠷᠲᠦ ᠴᠡᠷᠢᠭ ᠠᠩᠭᠢ ᠶᠢᠨ | ᠪᠠᠶᠢᠭᠤᠯᠤᠯᠲᠠ ᠶᠢᠨ ᠰᠢᠨ᠎ᠡ ᠪᠠᠶᠢᠳᠠᠯ ᠢ | ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ | ᠾᠧ ᠸᠧᠢ ᠳ᠋ᠦᠩ ᠨᠠᠷ ᠠᠵᠢᠯᠯᠠᠭ᠎ᠠ ᠳᠤ | ᠣᠷᠣᠯᠴᠠᠵᠠᠢ᠃ | |