ᠰᠢ ᠶᠢᠨ ᠫᠢᠩ ᠨᠡᠶᠢᠭᠡᠮ ᠤᠨ ᠠᠵᠢᠯ ᠳᠤ | ᠴᠢᠬᠤᠯᠠ ᠵᠢᠭᠠᠪᠤᠷᠢ ᠥᠭᠴᠦ | ᠴᠢᠬᠤᠯᠠᠴᠢᠯᠠᠭᠰᠠᠨ ᠨᠢ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ | ᠨᠡᠶᠢᠭᠡᠮ ᠤᠨ ᠵᠠᠰᠠᠯᠲᠠ ᠶᠢᠨ ᠵᠠᠮ ᠢᠶᠠᠷ | ᠡᠷᠡᠰ ᠭᠤᠶᠢᠪᠢᠰᠢ ᠦᠭᠡᠢ ᠵᠠᠮᠨᠠᠵᠤ ᠰᠢᠨ᠎ᠡ ᠴᠠᠭ | ᠦᠶ᠎ᠡ ᠶᠢᠨ ᠨᠡᠶᠢᠭᠡᠮ ᠤᠨ ᠠᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ | ᠬᠡᠷᠡᠭᠲᠡᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 11 | ᠰᠠᠷ᠎ᠠ ᠶᠢᠨ 6 ᠤ ᠴᠠᠭᠢᠯᠭᠠᠨ ᠮᠡᠳᠡᠭᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ ᠣᠶᠢᠷ᠎ᠠ ᠳᠤ ᠨᠡᠶᠢᠭᠡᠮ ᠤᠨ | ᠠᠵᠢᠯ ᠳᠤ ᠴᠢᠬᠤᠯᠠ ᠵᠢᠭᠠᠪᠤᠷᠢ ᠥᠭᠴᠦ᠂ | ᠨᠡᠶᠢᠭᠡᠮ ᠤᠨ ᠠᠵᠢᠯ ᠪᠣᠯ ᠨᠠᠮ ᠪᠣᠯᠣᠨ | ᠤᠯᠤᠰ ᠤᠨ ᠠᠵᠢᠯ ᠤᠨ ᠴᠢᠬᠤᠯᠠ ᠪᠦᠷᠢᠯᠳᠦᠭᠦᠨ | ᠬᠡᠰᠡᠭ ᠮᠥᠨ᠂ ᠨᠠᠮ ᠤᠨ ᠣᠷᠳᠣ ᠬᠤᠭᠤᠴᠠᠭ᠎ᠠ ᠪᠠᠷ | ᠲᠥᠷᠥ ᠪᠠᠷᠢᠬᠤ ᠪᠠ ᠤᠯᠤᠰ ᠤᠨ ᠥᠨᠢ ᠤᠳᠠᠭᠠᠨ | ᠠᠮᠤᠷ ᠲᠣᠭᠲᠠᠭᠤᠨ ᠪᠠᠶᠢᠬᠤ ᠲᠠᠢ | ᠬᠤᠯᠪᠣᠭᠳᠠᠵᠤ᠂ ᠨᠡᠶᠢᠭᠡᠮ ᠤᠨ ᠡᠶ᠎ᠡ | ᠵᠣᠬᠢᠴᠠᠩᠭᠤᠢ ᠲᠣᠭᠲᠠᠭᠤᠨ ᠪᠠ ᠠᠷᠠᠳ ᠲᠦᠮᠡᠨ ᠤ | ᠵᠣᠯ ᠵᠢᠷᠭᠠᠯ ᠠᠮᠤᠷ ᠲᠦᠪᠰᠢᠨ ᠲᠠᠢ | ᠬᠤᠯᠪᠣᠭᠳᠠᠨ᠎ᠠ᠃ ᠰᠢᠨ᠎ᠡ ᠴᠠᠭ ᠦᠶ᠎ᠡ ᠠᠴᠠ | ᠨᠠᠭᠠᠰᠢ᠂ ᠨᠠᠮ ᠤᠨ ᠲᠥᠪ ᠬᠤᠷᠢᠶ᠎ᠠ ᠠᠯᠢ ᠤᠯᠠᠨ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠬᠢᠵᠦ᠂ ᠨᠡᠶᠢᠭᠡᠮ ᠤᠨ | ᠠᠵᠢᠯ ᠤᠨ ᠴᠢᠬᠤᠯᠠ ᠠᠮᠵᠢᠯᠲᠠ ᠪᠦᠲᠦᠮᠵᠢ | ᠣᠯᠬᠤ ᠶᠢ ᠠᠬᠢᠭᠤᠯᠪᠠ᠃ ᠣᠳᠣᠬᠠᠨ ᠳᠤ ᠮᠠᠨ ᠤ | ᠤᠯᠤᠰ ᠤᠨ ᠨᠡᠶᠢᠭᠡᠮ ᠤᠨ ᠪᠦᠲᠦᠴᠡ ᠳᠤ ᠶᠠᠭ | ᠭᠦᠨᠵᠡᠭᠡᠢ ᠬᠤᠪᠢᠷᠠᠯᠲᠠ ᠭᠠᠷᠴᠤ ᠪᠤᠢ᠂ | ᠢᠯᠠᠩᠭᠤᠶ᠎ᠠ ᠰᠢᠨ᠎ᠡ ᠪᠠᠷ ᠮᠠᠨᠳᠤᠭᠰᠠᠨ | ᠬᠦᠷᠢᠶ᠎ᠡ ᠦᠳᠲᠡᠷ ᠲᠦᠷᠭᠡᠨ ᠬᠥᠭᠵᠢᠵᠦ᠂ ᠰᠢᠨ᠎ᠡ | ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ | ᠰᠢᠨ᠎ᠡ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠡᠭᠡ ᠬᠡᠮᠵᠢᠶ᠎ᠡ ᠪᠠᠷ | ᠢᠯᠡᠷᠡᠨ ᠭᠠᠷᠴᠤ᠂ ᠰᠢᠨ᠎ᠡ ᠠᠵᠢᠯ ᠬᠢᠵᠦ | ᠪᠠᠶᠢᠭ᠎ᠠ ᠬᠥᠮᠥᠰ ᠤᠨ ᠬᠡᠪᠴᠢᠶ᠎ᠡ | ᠦᠷᠭᠦᠯᠵᠢᠯᠡᠨ ᠥᠷᠭᠡᠳᠴᠦ᠂ ᠨᠡᠶᠢᠭᠡᠮ ᠤᠨ | ᠠᠵᠢᠯ ᠳᠤ ᠰᠢᠨ᠎ᠡ ᠪᠠᠶᠢᠳᠠᠯ ᠰᠢᠨ᠎ᠡ ᠡᠭᠦᠷᠭᠡ | ᠲᠤᠯᠭᠠᠷᠠᠵᠤ ᠪᠠᠶᠢᠭ᠎ᠠ ᠪᠣᠯᠬᠤᠷ ᠡᠷᠬᠡᠪᠰᠢ | ᠰᠢᠨ᠎ᠡ ᠬᠠᠷᠢᠭᠤᠴᠠᠯᠭ᠎ᠠ ᠡᠭᠦᠷᠭᠡᠯᠡᠯ ᠰᠢᠨ᠎ᠡ | ᠵᠢᠳᠬᠦᠯ ᠴᠢᠷᠮᠠᠶᠢᠯᠭ᠎ᠠ ᠭᠠᠷᠭᠠᠬᠤ | ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠬᠤ ᠶᠢ | ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ | ᠲᠥᠪ ᠬᠤᠷᠢᠶ᠎ᠠ ᠶᠢᠨ ᠬᠤᠶᠠᠳᠤᠭᠠᠷ᠂ | ᠭᠤᠷᠪᠠᠳᠤᠭᠠᠷ ᠪᠦᠭᠦᠳᠠ ᠬᠤᠷᠠᠯ ᠤᠨ ᠵᠣᠷᠢᠭ | ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ | ᠪᠤᠯᠭᠠᠬᠤ ᠶᠢ ᠪᠠᠷᠢᠮᠲᠠᠯᠠᠵᠤ᠂ ᠰᠢᠨ᠎ᠡ ᠴᠠᠭ | ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢ | ᠦᠢᠯᠡᠳᠦᠯᠭᠡᠵᠢᠭᠦᠯᠵᠦ᠂ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ | ᠨᠡᠶᠢᠭᠡᠮ ᠤᠨ ᠵᠠᠰᠠᠯᠲᠠ ᠶᠢᠨ ᠵᠠᠮ ᠢᠶᠠᠷ | ᠡᠷᠡᠰ ᠭᠤᠶᠢᠪᠢᠰᠢ ᠦᠭᠡᠢ ᠵᠠᠮᠨᠠᠵᠤ᠂ | ᠨᠡᠶᠢᠭᠡᠮ ᠤᠨ ᠠᠵᠢᠯ ᠤᠨ ᠪᠠᠶᠢᠭᠤᠯᠤᠯ | ᠲᠣᠭᠲᠠᠴᠠ ᠶᠢ ᠪᠦᠷᠢᠨᠰᠢᠭᠦᠯᠵᠦ᠂ ᠰᠢᠨ᠎ᠡ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ | ᠨᠡᠶᠢᠭᠡᠮ ᠤᠨ ᠵᠣᠬᠢᠶᠠᠨ ᠪᠠᠶᠢᠭᠤᠯᠤᠯᠲᠠ᠂ | ᠰᠢᠨ᠎ᠡ ᠠᠵᠢᠯ ᠬᠢᠵᠦ ᠪᠠᠶᠢᠭ᠎ᠠ ᠬᠥᠮᠥᠰ ᠤᠨ | ᠨᠠᠮ ᠤᠨ ᠪᠠᠶᠢᠭᠤᠯᠤᠯᠲᠠ ᠶᠢ ᠲᠣᠪᠤᠶᠢᠯᠭᠠᠨ | ᠰᠠᠶᠢᠲᠤᠷ ᠠᠳᠬᠤᠵᠤ᠂ ᠨᠠᠮ ᠤᠨ ᠰᠢᠨ᠎ᠡ ᠪᠠᠷ | ᠮᠠᠨᠳᠤᠭᠰᠠᠨ ᠬᠦᠷᠢᠶᠡᠨ ᠳᠠᠬᠢ ᠤᠷᠢᠶᠠᠯᠠᠬᠤ | ᠬᠦᠴᠦᠨ ᠨᠢᠭᠲᠠᠷᠠᠭᠤᠯᠬᠤ ᠬᠦᠴᠦᠨ ᠨᠥᠯᠥᠭᠡᠯᠡᠬᠦ | ᠬᠦᠴᠦᠨ ᠢ ᠲᠠᠰᠤᠷᠠᠯᠳᠠ ᠦᠭᠡᠢ ᠴᠢᠩᠭᠠᠳᠬᠠᠬᠤ | ᠭᠡᠷᠡᠭᠲᠡᠢ︔ ᠨᠠᠮ ᠤᠨ ᠪᠠᠶᠢᠭᠤᠯᠤᠯᠲᠠ ᠪᠠᠷ | ᠦᠨᠳᠦᠰᠦᠨ ᠱᠠᠲᠤᠨ ᠤ ᠵᠠᠰᠠᠯᠲᠠ ᠪᠠ ᠦᠨᠳᠦᠰᠦᠨ | ᠱᠠᠲᠤᠨ ᠤ ᠵᠠᠰᠠᠭ ᠤᠨ ᠡᠷᠬᠡ ᠶᠢᠨ | ᠪᠠᠶᠢᠭᠤᠯᠤᠯᠲᠠ ᠶᠢ ᠬᠥᠲᠥᠯᠥᠨ | ᠳᠠᠭᠠᠭᠤᠯᠬᠤ ᠶᠢ ᠰᠠᠶᠢᠲᠤᠷ ᠠᠳᠬᠤᠬᠤ | ᠭᠡᠷᠡᠭᠳᠠᠢ︔ ᠤᠯᠠᠨ ᠲᠦᠮᠡᠨ ᠢ ᠨᠢᠭᠲᠠᠷᠠᠭᠤᠯᠵᠤ | ᠤᠯᠠᠨ ᠲᠦᠮᠡᠨ ᠳᠤ ᠦᠢᠯᠡᠴᠢᠯᠡᠬᠦ ᠠᠵᠢᠯ ᠢ | ᠰᠠᠶᠢᠲᠤᠷ ᠠᠳᠬᠤᠵᠤ᠂ ᠰᠢᠨ᠎ᠡ ᠴᠠᠭ ᠦᠶ᠎ᠡ ᠶᠢᠨ | ᠨᠡᠶᠢᠭᠡᠮ ᠤᠨ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ ᠂ ᠨᠡᠶᠢᠭᠡᠮ ᠤᠨ ᠠᠵᠢᠯ ᠢ | ᠰᠠᠶᠢᠲᠤᠷ ᠬᠢᠬᠦ ᠪᠣᠯ ᠪᠦᠭᠦ ᠨᠠᠮ ᠤᠨ | ᠬᠠᠮᠲᠤ ᠶᠢᠨ ᠬᠠᠷᠢᠭᠤᠴᠠᠯᠭ᠎ᠠ ᠮᠥᠨ᠃ ᠡᠯ᠎ᠡ | ᠱᠠᠲᠤᠨ ᠤ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ ︶ ᠤᠯᠤᠰ ᠲᠦᠷᠦ ᠶᠢᠨ | ᠬᠠᠷᠢᠭᠤᠴᠠᠯᠭ᠎ᠠ ᠶᠢ ᠡᠭᠦᠷᠭᠡᠯᠡᠵᠦ᠂ | ᠵᠣᠬᠢᠶᠠᠨ ᠪᠠᠶᠢᠭᠤᠯᠵᠤ ᠤᠳᠤᠷᠢᠳᠬᠤ ᠪᠠ | ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠬᠤ ᠪᠠᠨ ᠴᠢᠩᠭᠠᠳᠬᠠᠵᠤ᠂ ᠨᠠᠮ ᠤᠨ | ᠲᠥᠪ ᠬᠤᠷᠢᠶ᠎ᠠ ᠶᠢᠨ ᠨᠡᠶᠢᠭᠡᠮ ᠤᠨ ᠠᠵᠢᠯ ᠤᠨ | ᠲᠤᠬᠠᠢ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠦᠨᠡᠨ ᠬᠦ | ᠪᠠᠲᠤᠯᠠᠬᠤ ᠭᠡᠷᠡᠭᠲᠡᠢ︔ ᠡᠯ᠎ᠡ ᠭᠠᠵᠠᠷ ᠣᠷᠣᠨ | ᠪᠣᠯᠣᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ | ᠵᠢᠳᠬᠦᠯ ᠴᠢᠷᠮᠠᠶᠢᠯᠭ᠎ᠠ ᠭᠠᠷᠭᠠᠵᠤ᠂ | ᠬᠠᠮᠵᠢᠯᠴᠠᠨ ᠬᠤᠯᠪᠤᠭᠠᠯᠠᠨ ᠬᠥᠳᠡᠯᠦᠯᠴᠡᠵᠦ᠂ | ᠠᠵᠢᠯ ᠲᠦᠷᠦᠯ ᠢ ᠬᠠᠮᠢᠶᠠᠷᠬᠤ ᠪᠥᠭᠡᠳ ᠪᠠᠰᠠ | ᠨᠠᠮ ᠤᠨ ᠪᠠᠶᠢᠭᠤᠯᠤᠯᠲᠠ ᠶᠢ ᠬᠠᠮᠢᠶᠠᠷᠬᠤ ᠶᠢ | ᠪᠠᠷᠢᠮᠲᠠᠯᠠᠵᠤ᠂ ᠨᠡᠶᠢᠭᠡᠮ ᠤᠨ ᠠᠵᠢᠯ ᠢ | ᠰᠠᠶᠢᠲᠤᠷ ᠬᠢᠬᠦ ᠬᠦᠴᠦᠷᠬᠡᠭ ᠶᠡᠭᠡ ᠬᠠᠮᠲᠤᠷᠠᠯ | ᠬᠦᠴᠦᠨ ᠢ ᠪᠦᠷᠢᠯᠳᠦᠭᠦᠯᠬᠦ ᠭᠡᠷᠡᠭᠲᠡᠢ︔ | ᠨᠡᠶᠢᠭᠡᠮ ᠤᠨ ᠠᠵᠢᠯ ᠤᠨ ᠰᠠᠯᠠᠭ᠎ᠠ | ᠮᠥᠴᠢᠷ ᠤᠨ ᠬᠢᠨ ᠲᠣᠰ ᠪᠡᠶ᠎ᠡ ᠶᠢᠨ | ᠪᠠᠶᠢᠭᠤᠯᠤᠯᠲᠠ ᠪᠠᠨ ᠴᠢᠩᠭᠠᠳᠬᠠᠵᠤ᠂ ᠤᠯᠤᠰ | ᠲᠥᠷᠥ ᠶᠢᠨ ᠡᠭᠦᠷᠭᠡᠯᠡᠯ ᠢᠶᠠᠨ | ᠴᠢᠩᠭᠠᠳᠬᠠᠵᠤ᠂ ᠵᠣᠷᠢᠭᠲᠠᠢ ᠪᠠᠷ | ᠦᠢᠯᠡᠳᠦᠯᠭᠡᠵᠢᠭᠦᠯᠦᠨ ᠰᠦᠪᠡᠭᠴᠢᠯᠡᠵᠦ᠂ | ᠲᠤᠰᠢᠶᠠᠯ ᠬᠠᠷᠢᠭᠤᠴᠠᠯᠭ᠎ᠠ ᠪᠠᠨ ᠯᠠᠪᠳᠠᠭᠤᠨ | ᠪᠠᠲᠤᠲᠠᠢ ᠭᠦᠢᠴᠡᠳᠬᠡᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ | ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ | ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ | ᠨᠡᠮᠡᠷᠢ ᠦᠵᠡᠭᠦᠯᠭᠦ ᠬᠡᠷᠡᠭᠲᠡᠢ ᠭᠡᠵᠦ | ᠴᠢᠬᠤᠯᠠᠴᠢᠯᠠᠪᠠ᠃ | ᠲᠥᠪ ᠤᠨ ᠨᠡᠶᠢᠭᠡᠮ ᠤᠨ ᠠᠵᠢᠯ ᠤᠨ ᠬᠤᠷᠠᠯ 11 | ᠰᠠᠷ᠎ᠠ ᠶᠢᠨ 5 ᠠᠴᠠ 6 ᠤ ᠡᠳᠦᠷ ᠪᠤᠯᠲᠠᠯ᠎ᠠ | ᠪᠡᠭᠡᠵᠢᠩ ᠳᠤ ᠬᠤᠷᠠᠯᠳᠤᠪᠠ᠃ ᠬᠤᠷᠠᠯ ᠳᠡᠭᠡᠷ᠎ᠡ | ᠰᠢ ᠶᠢᠨ ᠫᠢᠩ ᠤᠨ ᠴᠢᠬᠤᠯᠠ ᠵᠢᠭᠠᠪᠤᠷᠢ ᠶᠢ | ᠤᠯᠠᠮᠵᠢᠯᠠᠪᠠ᠃ ᠲᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ᠂ | ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ | ᠴᠢ ᠬᠤᠷᠠᠯ ᠳᠤ ᠣᠷᠣᠯᠴᠠᠬᠰᠡᠨ ᠪᠥᠭᠡᠳ ᠶᠠᠷᠢᠶ᠎ᠠ | ᠲᠠᠯᠪᠢᠪᠠ᠃ | ᠼᠠᠢ ᠴᠢ ᠶᠠᠷᠢᠶᠠᠨ ᠳᠠᠭᠠᠨ᠂ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ | ᠥᠨᠳᠥᠷ ᠲᠤ ᠵᠣᠭᠰᠣᠨ ᠠᠯᠤᠰ ᠢ ᠪᠡᠷᠡᠯᠡᠵᠦ᠂ | ᠨᠠᠷᠢᠨ ᠲᠣᠳᠣᠷᠬᠠᠢ ᠭᠦᠨ ᠭᠦᠨᠵᠡᠭᠡᠢ ᠪᠠᠶᠢᠵᠤ᠂ | ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ | ᠰᠠᠨᠠᠭᠠᠴᠢ ᠴᠢᠨᠠᠷ᠂ ᠵᠢᠯᠤᠭᠤᠳᠬᠤ ᠴᠢᠨᠠᠷ ᠲᠠᠢ | ᠪᠠᠶᠢᠵᠤ᠂ ᠰᠢᠨ᠎ᠡ ᠴᠠᠭ ᠦᠶ᠎ᠡ ᠶᠢᠨ | ᠨᠡᠶᠢᠭᠡᠮ ᠤᠨ ᠠᠵᠢᠯ ᠢ ᠰᠠᠶᠢᠲᠤᠷ ᠬᠢᠬᠦ ᠳᠤ | ᠴᠢᠭᠯᠡᠯ ᠢ ᠲᠣᠳᠣᠷᠬᠠᠢ ᠵᠢᠭᠠᠵᠤ ᠥᠭᠴᠡᠢ᠂ | ᠡᠷᠬᠡᠪᠰᠢ ᠭᠦᠨᠵᠡᠭᠡᠢ ᠰᠤᠷᠤᠯᠴᠠᠨ | ᠣᠶᠢᠯᠠᠭᠠᠵᠤ᠂ ᠡᠷᠡᠰ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠼᠠᠢ ᠴᠢ᠂ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠭᠠᠰᠢ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ | ᠬᠤᠷᠢᠶ᠎ᠠ ᠨᠡᠶᠢᠭᠡᠮ ᠤᠨ ᠠᠵᠢᠯ ᠢ ᠴᠢᠬᠤᠯᠠ | ᠪᠠᠶᠢᠷᠢᠨ ᠳᠤ ᠲᠠᠯᠪᠢᠵᠤ᠂ ᠶᠡᠷᠦᠩᠬᠡᠢ ᠱᠦᠵᠢ | ᠰᠢ ᠶᠢᠨ ᠫᠢᠩ ᠨᠡᠶᠢᠭᠡᠮ ᠤᠨ ᠠᠵᠢᠯ ᠢ | ᠶᠠᠭᠤᠨ ᠳᠤ ᠴᠢᠩᠭᠠᠳᠬᠠᠬᠤ ᠪᠤᠢ᠂ ᠨᠡᠶᠢᠭᠡᠮ ᠤᠨ | ᠠᠵᠢᠯ ᠢ ᠬᠡᠷᠬᠢᠨ ᠴᠢᠩᠭᠠᠳᠬᠠᠬᠤ ᠶᠢᠨ | ᠲᠣᠭᠤᠷᠢᠨ ᠳᠤ ᠠᠯᠢ ᠤᠯᠠᠨ ᠴᠢᠬᠤᠯᠠ ᠥᠭᠦᠯᠡᠯᠲᠡ | ᠬᠢᠵᠦ᠂ ᠠᠯᠢ ᠤᠯᠠᠨ ᠰᠢᠨ᠎ᠡ ᠦᠵᠡᠯ ᠰᠠᠨᠠᠭ᠎ᠠ᠂ | ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ | ᠳᠤᠷᠠᠳᠴᠠᠢ᠃ ᠶᠡᠷᠦᠩᠬᠡᠢ ᠱᠦᠵᠢ ᠰᠢ ᠶᠢᠨ | ᠫᠢᠩ ᠤᠨ ᠨᠡᠶᠢᠭᠡᠮ ᠤᠨ ᠠᠵᠢᠯ ᠤᠨ ᠲᠤᠬᠠᠢ | ᠴᠢᠬᠤᠯᠠ ᠥᠭᠦᠯᠡᠯᠲᠡ ᠨᠢ ᠰᠢᠨ᠎ᠡ ᠴᠠᠭ | ᠦᠶ᠎ᠡ ᠶᠢᠨ ᠨᠡᠶᠢᠭᠡᠮ ᠤᠨ ᠠᠵᠢᠯ ᠤᠨ ᠦᠨᠳᠦᠰᠦᠨ | ᠵᠠᠷᠴᠢᠮ᠂ ᠦᠷᠳᠡᠭ ᠤᠨ ᠬᠠᠨᠳᠤᠰᠢ᠂ | ᠬᠥᠭᠵᠢᠯᠲᠡ ᠶᠢᠨ ᠴᠢᠭᠯᠡᠯ᠂ | ᠭᠤᠣᠯᠳᠠᠯᠭ᠎ᠠ ᠲᠠᠢ ᠡᠭᠦᠷᠭᠡ᠂ ᠰᠠᠭᠤᠷᠢ | ᠪᠠᠲᠤᠯᠠᠭ᠎ᠠ ᠵᠡᠷᠭᠡ ᠶᠢ ᠭᠦᠨᠵᠡᠭᠡᠢ | ᠲᠣᠳᠣᠷᠬᠠᠶᠢᠯᠠᠨ ᠥᠭᠦᠯᠡᠵᠦ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠴᠢᠬᠤᠯᠠ ᠪᠦᠷᠢᠯᠳᠦᠭᠦᠨ ᠬᠡᠰᠡᠭ | ᠪᠣᠯᠣᠨ᠎ᠠ ᠭᠡᠵᠦ ᠵᠢᠭᠠᠵᠤ ᠭᠠᠷᠭᠠᠪᠠ᠃ | ᠼᠠᠢ ᠴᠢ᠂ ᠨᠠᠮ ᠤᠨ ᠬᠤᠷᠢᠳᠤᠭᠠᠷ ᠶᠡᠭᠡ | ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ | ᠲᠥᠪ ᠬᠤᠷᠢᠶ᠎ᠠ ᠶᠢᠨ ᠬᠤᠶᠠᠳᠤᠭᠠᠷ᠂ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠥᠭᠦᠯᠡᠯᠲᠡ ᠪᠣᠯᠣᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ | ᠬᠤᠶᠠᠷ ᠢ ᠲᠣᠭᠲᠠᠭᠠᠭᠰᠠᠨ ︾ ᠤ | ᠰᠢᠢᠳᠪᠦᠷᠢᠯᠡᠭᠴᠢ ᠴᠢᠨᠠᠷᠲᠠᠢ ᠠᠴᠢ | ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ | ᠬᠤᠶᠠᠷ ᠢ ᠬᠠᠮᠠᠭᠠᠯᠠᠬᠤ ︾ ᠶᠢ ᠡᠷᠡᠰ | ᠪᠡᠶᠡᠯᠡᠭᠦᠯᠵᠦ᠂ ᠰᠢᠨ᠎ᠡ ᠴᠠᠭ ᠦᠶ᠎ᠡ ᠶᠢᠨ | ᠨᠡᠶᠢᠭᠡᠮ ᠤᠨ ᠠᠵᠢᠯ ᠢ ᠰᠠᠶᠢᠲᠤᠷ ᠬᠢᠬᠦ | ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ | ᠡᠵᠡᠮᠳᠡᠵᠦ᠂ ᠬᠠᠷᠢᠭᠤᠴᠠᠯᠭᠠᠲᠤ | ᠰᠡᠳᠬᠢᠯᠭᠡ ᠪᠠᠨ ᠦᠨᠡᠨ ᠬᠦ ᠴᠢᠩᠭᠠᠳᠬᠠᠵᠤ᠂ | ᠰᠢᠨ᠎ᠡ ᠴᠠᠭ ᠦᠶ᠎ᠡ ᠶᠢᠨ ᠨᠡᠶᠢᠭᠡᠮ ᠤᠨ | ᠠᠵᠢᠯ ᠤᠨ ᠰᠢᠨ᠎ᠡ ᠪᠠᠶᠢᠳᠠᠯ ᠢ ᠴᠢᠷᠮᠠᠶᠢᠨ | ᠡᠭᠦᠳᠬᠦ ᠬᠡᠷᠡᠭᠲᠡᠢ᠃ ᠰᠢᠨ᠎ᠡ ᠪᠠᠷ | ᠮᠠᠨᠳᠤᠭᠰᠠᠨ ᠬᠦᠷᠢᠶᠡᠨ ᠤ ᠨᠠᠮ ᠤᠨ | ᠪᠠᠶᠢᠭᠤᠯᠤᠯᠲᠠ ᠶᠢ ᠴᠢᠩᠭᠠᠳᠬᠠᠬᠤ ᠶᠢ | ᠴᠢᠬᠤᠯᠠ ᠠᠴᠠ ᠴᠢᠬᠤᠯᠠ ᠵᠦᠢᠯ ᠪᠤᠯᠭᠠᠵᠤ᠂ | ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠬᠤ ᠪᠠᠨ ᠴᠢᠩᠭᠠᠳᠬᠠᠵᠤ᠂ ᠲᠦᠷᠦᠯ | ᠬᠤᠪᠢᠶᠠᠨ ᠵᠢᠯᠤᠭᠤᠳᠬᠤ ᠶᠢ ᠪᠠᠷᠢᠮᠲᠠᠯᠠᠵᠤ᠂ | ᠰᠢᠨ᠎ᠡ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ᠂ ᠰᠢᠨ᠎ᠡ ᠨᠡᠶᠢᠭᠡᠮ ᠤᠨ | ᠵᠣᠬᠢᠶᠠᠨ ᠪᠠᠶᠢᠭᠤᠯᠤᠯᠲᠠ᠂ ᠰᠢᠨ᠎ᠡ ᠠᠵᠢᠯ | ᠣᠯᠣᠭᠰᠠᠨ ᠬᠥᠮᠥᠰ ᠤᠨ ᠨᠠᠮ ᠤᠨ | ᠪᠠᠶᠢᠭᠤᠯᠤᠯᠲᠠ ᠶᠢᠨ ᠠᠵᠢᠯ ᠢ ᠲᠣᠪᠣᠶᠢᠮ᠎ᠠ | ᠰᠠᠶᠢᠲᠤᠷ ᠠᠳᠬᠤᠵᠤ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠪᠦᠷᠬᠦᠴᠡ ᠪᠠ ᠠᠵᠢᠯ ᠤᠨ | ᠪᠦᠷᠬᠦᠴᠡ ᠶᠢ ᠠᠬᠢᠭᠤᠯᠵᠤ᠂ ᠰᠢᠨ᠎ᠡ ᠪᠠᠷ | ᠮᠠᠨᠳᠤᠭᠰᠠᠨ ᠬᠦᠷᠢᠶᠡᠨ ᠤ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠬᠡᠷᠡᠭᠲᠡᠢ᠃ ᠠᠵᠢᠯ | ᠲᠥᠷᠥᠯ ᠤᠨ ᠨᠡᠶᠢᠭᠡᠮᠯᠢᠭ | ᠬᠤᠳᠠᠯᠳᠤᠭᠠᠴᠢᠳ ᠤᠨ ᠡᠪᠯᠡᠯ ᠤᠨ ᠨᠠᠮ ᠤᠨ | ᠪᠠᠶᠢᠭᠤᠯᠤᠯᠲᠠ ᠪᠠ ᠥᠭᠡᠷᠡᠴᠢᠯᠡᠯᠲᠡ | ᠬᠥᠭᠵᠢᠯᠲᠡ ᠶᠢ ᠦᠷᠭᠦᠯᠵᠢᠯᠡᠨ ᠰᠠᠶᠢᠲᠤᠷ | ᠠᠳᠬᠤᠬᠤ ᠬᠡᠷᠡᠭᠲᠡᠢ᠃ ᠨᠠᠮ ᠤᠨ | ᠪᠠᠶᠢᠭᠤᠯᠤᠯᠲᠠ ᠶᠢ ᠴᠢᠩᠭᠠᠳᠬᠠᠵᠤ ᠦᠨᠳᠦᠰᠦᠨ | ᠱᠠᠲᠤᠨ ᠤ ᠵᠠᠰᠠᠯᠲᠠ ᠪᠠ ᠦᠨᠳᠦᠰᠦᠨ ᠱᠠᠲᠤᠨ ᠤ | ᠵᠠᠰᠠᠭ ᠤᠨ ᠡᠷᠬᠡ ᠶᠢᠨ ᠪᠠᠶᠢᠭᠤᠯᠤᠯᠲᠠ ᠶᠢ | ᠬᠥᠲᠥᠯᠥᠨ ᠳᠠᠭᠠᠭᠤᠯᠵᠤ᠂ ᠦᠨᠳᠦᠰᠦᠨ ᠱᠠᠲᠤᠨ ᠤ | ᠵᠠᠰᠠᠯᠲᠠ ᠶᠢᠨ ︽ᠴᠢᠳᠠᠯ ᠠᠴᠠ ᠨᠢ | ᠬᠡᠲᠦᠷᠡᠭᠦᠯᠬᠦ ︾ ᠲᠣᠪᠣᠶᠢᠮ᠎ᠠ ᠠᠰᠠᠭᠤᠳᠠᠯ ᠢ | ᠰᠢᠢᠳᠪᠦᠷᠢᠯᠡᠵᠦ᠂ ᠦᠨᠳᠦᠰᠦᠨ ᠱᠠᠲᠤᠨ ᠳᠤ | ᠴᠢᠳᠠᠪᠬᠢ ᠣᠯᠭᠤᠬᠤ ᠪᠠ ᠳᠠᠷᠤᠭᠠᠰᠤ ᠶᠢ ᠨᠢ | ᠬᠥᠩᠭᠡᠷᠡᠭᠦᠯᠬᠦ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠬᠤ ᠬᠡᠷᠡᠭᠲᠡᠢ᠃ | ᠣᠯᠠᠨ ᠲᠦᠮᠡᠨ ᠢ ᠨᠢᠭᠲᠠᠷᠠᠭᠤᠯᠤᠨ | ᠦᠢᠯᠡᠴᠢᠯᠡᠬᠦ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ︽ | ᠹᠧᠩ ᠴᠢᠶᠣᠤ ᠶᠢᠨ ᠲᠤᠷᠰᠢᠯᠭ᠎ᠠ ︾ ᠶᠢ | ᠪᠠᠷᠢᠮᠲᠠᠯᠠᠨ ᠬᠥᠭᠵᠢᠭᠦᠯᠵᠦ᠂ ᠵᠠᠬᠢᠳᠠᠯ | ᠰᠤᠷᠪᠤᠯᠵᠢᠯᠠᠯ ᠤᠨ ᠠᠵᠢᠯ ᠤᠨ ᠬᠠᠤᠯᠢ ᠪᠠᠷ | ᠵᠠᠰᠠᠬᠤ ᠶᠢ ᠠᠬᠢᠭᠤᠯᠵᠤ᠂ ᠠᠷᠠᠳ ᠲᠦᠮᠡᠨ ᠤ | ᠰᠠᠨᠠᠭᠤᠯᠭ᠎ᠠ ᠴᠤᠭᠯᠠᠭᠤᠯᠬᠤ᠂ ᠰᠠᠶᠢᠨ | ᠳᠤᠷ᠎ᠠ ᠶᠢᠨ ᠦᠢᠯᠡᠴᠢᠯᠡᠭᠡᠨ ᠤ ᠦᠢᠯᠡᠰ ᠢ | ᠬᠥᠭᠵᠢᠭᠦᠯᠬᠦ ᠠᠵᠢᠯ ᠢ ᠰᠠᠶᠢᠲᠤᠷ ᠬᠢᠬᠦ | ᠬᠡᠷᠡᠭᠲᠡᠢ᠃ ᠡᠯ᠎ᠡ ᠱᠠᠲᠤᠨ ᠤ ᠨᠠᠮ ᠤᠨ | ᠬᠤᠷᠢᠶ᠎ᠠ ᠨᠡᠶᠢᠭᠡᠮ ᠤᠨ ᠠᠵᠢᠯ ᠳᠠᠬᠢ | ᠤᠳᠤᠷᠢᠳᠤᠯᠭ᠎ᠠ ᠪᠠᠨ ᠴᠢᠩᠭᠠᠳᠬᠠᠵᠤ᠂ ᠤᠯᠤᠰ | ᠲᠦᠷᠦ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠠᠵᠢᠯ ᠤᠨ | ᠰᠢᠰᠲ᠋ᠧᠮ ᠢ ᠪᠦᠷᠢᠨᠰᠢᠭᠦᠯᠵᠦ᠂ ᠨᠡᠶᠢᠭᠡᠮ ᠤᠨ | ᠠᠵᠢᠯᠲᠠᠨ ᠤ ᠡᠩᠨᠡᠭᠡ ᠶᠢ ᠪᠠᠶᠢᠭᠤᠯᠤᠨ | ᠬᠦᠴᠦᠷᠬᠡᠭᠵᠢᠭᠦᠯᠵᠦ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ | ᠨᠡᠶᠢᠭᠡᠮ ᠤᠨ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠯᠢ ᠭᠠᠨ ᠵᠢᠶᠧ ᠬᠤᠷᠠᠯ ᠢ ᠡᠷᠭᠢᠯᠡᠪᠡ᠃ ᠯᠢ | ᠱᠤ᠋ ᠯᠧᠢ᠂ ᠴᠧᠨ ᠸᠧᠨ ᠴᠢᠩ᠂ ᠮᠦ ᠬᠤᠩ ᠬᠤᠷᠠᠯ ᠳᠤ | ᠣᠷᠣᠯᠴᠠᠪᠠ᠃ | ᠲᠥᠪ ᠤᠨ ᠵᠣᠬᠢᠶᠠᠨ ᠪᠠᠶᠢᠭᠤᠯᠬᠤ ᠬᠡᠯᠲᠡᠰ᠂ | ᠲᠥᠪ ᠤᠨ ᠰᠦᠯᠵᠢᠶᠡᠨ ᠤ ᠠᠮᠤᠷ ᠲᠦᠪᠰᠢᠨ ᠪᠣᠯᠣᠨ | ᠮᠡᠳᠡᠭᠡ ᠵᠠᠩᠭᠢᠴᠢᠯᠠᠯᠲᠠ ᠶᠢᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ᠂ ᠡᠪ ᠬᠠᠮᠲᠤ | ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ᠂ | ᠪᠡᠭᠡᠵᠢᠩ ᠬᠤᠳᠠ᠂ ᠵᠧᠵᠢᠶᠠᠩ ᠮᠤᠵᠢ᠂ | ᠭᠤᠸᠠᠩᠳᠦ᠋ᠩ ᠮᠤᠵᠢ᠂ ᠱᠠᠨᠰᠢ ᠮᠤᠵᠢ ᠶᠢᠨ | ᠬᠠᠷᠢᠭᠤᠴᠠᠯᠭᠠᠲᠠᠨ ᠨᠥᠬᠦᠳ ᠰᠠᠨᠠᠯ ᠢᠶᠠᠨ | ᠰᠣᠯᠢᠯᠴᠠᠬᠤ ᠦᠭᠡ ᠬᠡᠯᠡᠵᠡᠢ᠃ | ᠡᠯ᠎ᠡ ᠮᠤᠵᠢ ᠥᠪᠡᠷᠲᠡᠭᠡᠨ ᠵᠠᠰᠠᠬᠤ ᠣᠷᠣᠨ | ᠰᠢᠭᠤᠳ ᠬᠠᠷᠢᠶ᠎ᠠ ᠬᠤᠲᠠ ᠪᠣᠯᠣᠨ ᠲᠤᠰᠠᠭᠠᠷ | ᠲᠥᠯᠥᠪᠯᠡᠭᠡᠲᠦ ᠬᠤᠳᠠ᠂ ᠰᠢᠨᠵᠢᠶᠠᠩ ᠤᠨ | ᠦᠢᠯᠡᠳᠪᠦᠷᠢᠯᠡᠯ ᠪᠦᠲᠦᠭᠡᠨ | ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ | ᠪᠠ ᠳᠦᠷᠦ ᠶᠢᠨ ᠪᠠᠶᠢᠭᠤᠯᠭ᠎ᠠ ᠶᠢᠨ ᠬᠠᠮᠢᠶ᠎ᠠ | ᠪᠦᠬᠦᠢ ᠰᠠᠯᠠᠭ᠎ᠠ ᠮᠥᠴᠢᠷ᠂ ᠬᠠᠮᠢᠶ᠎ᠠ ᠪᠦᠬᠦᠢ | ᠠᠷᠠᠳ ᠤᠨ ᠪᠦᠯᠭᠦᠮ᠂ ᠲᠥᠪ ᠠᠴᠠ ᠬᠠᠮᠢᠶᠠᠷᠴᠤ | ᠪᠠᠶᠢᠭ᠎ᠠ ᠮᠥᠩᠭᠦᠨ ᠭᠦᠢᠯᠭᠡᠭᠡᠨ ᠤ | ᠪᠠᠶᠢᠭᠤᠯᠤᠮᠵᠢ᠂ ᠬᠡᠰᠡᠭ ᠠᠵᠤ ᠠᠬᠤᠶᠢᠯᠠᠯ᠂ | ᠶᠡᠭᠡ ᠳᠡᠭᠡᠳᠦ ᠰᠤᠷᠭᠠᠭᠤᠯᠢ ᠶᠢᠨ | ᠬᠠᠷᠢᠭᠤᠴᠠᠯᠭᠠᠲᠠᠨ ᠨᠠᠷ ᠬᠤᠷᠠᠯ ᠳᠤ | ᠣᠷᠣᠯᠴᠠᠵᠠᠢ᠃ | |